蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠰᠢᠨᠵᠢᠯᠡᠭᠡ ᠮᠡᠷᠭᠡᠵᠢᠯ ᠤᠨ ᠶᠡᠬᠡ ᠰᠤᠷᠭᠠᠭᠤᠯᠢ 2018 ᠤᠨ ᠳᠤ ᠲᠡᠭᠦᠰᠬᠦ ᠤᠶᠤᠲᠠᠳ ᠲᠤ ᠵᠤᠷᠢᠭᠤᠯᠤᠭᠰᠠᠨ ᠲᠤᠮᠤ ᠬᠡᠯᠪᠡᠷᠢ ᠶᠢᠨ ᠬᠤᠤᠰ ᠰᠤᠩᠭ᠋ᠤᠯᠲᠠ ᠶᠢᠨ ᠬᠤᠷᠠᠯ ᠶᠠᠪᠤᠭᠳᠠᠭᠤᠯᠪᠠ

2017-11-10 14:19

    11 ᠰᠠᠷ᠎ᠠ ᠶᠢᠨ 9 ᠤ ᠡᠳᠦᠷ᠂ ᠦᠪᠦᠷ ᠮᠣᠩᠭᠣᠯ ᠤᠨ ᠰᠢᠨᠵᠢᠯᠡᠭᠡ ᠮᠡᠷᠭᠡᠵᠢᠯ ᠤᠨ ᠶᠡᠬᠡ ᠰᠤᠷᠭᠠᠭᠤᠯᠢ 2018 ᠤᠨ ᠳᠤ ᠲᠡᠭᠦᠰᠬᠦ ᠤᠶᠤᠲᠠᠳ ᠲᠤ ᠵᠤᠷᠢᠭᠤᠯᠤᠭᠰᠠᠨ ᠲᠤᠮᠤ ᠬᠡᠯᠪᠡᠷᠢ ᠶᠢᠨ ᠬᠤᠤᠰ ᠰᠤᠩᠭ᠋ᠤᠯᠲᠠ ᠶᠢᠨ ᠬᠤᠷᠠᠯ ᠲᠤᠰ ᠰᠤᠷᠭᠠᠭᠤᠯᠢ ᠶᠢᠨ ᠲᠠᠮᠢᠷ ᠤᠨ ᠤᠷᠳᠤᠨ ᠳᠤ ᠶᠠᠪᠤᠭᠳᠠᠪᠠ᠃ ᠪᠡᠭᠡᠵᠢᠩ᠂ ᠱᠠᠩᠬᠠᠢ᠂ ᠭᠤᠸᠠᠩᠳᠦ᠋ᠩ᠂ ᠹᠦᠵᠢᠶᠠᠨ᠂ ᠾᠸᠪᠸᠢ᠂ ᠵᠢᠶᠠᠩᠰᠤ᠂ ᠲᠢᠶᠠᠨᠵᠢᠨ᠂ ᠵᠸᠵᠢᠶᠠᠩ᠂ ᠦᠪᠦᠷ ᠮᠣᠩᠭᠣᠯ ᠵᠡᠷᠭᠡ 20 ᠭᠠᠷᠤᠢ ᠮᠤᠵᠢ ᠬᠤᠲᠠ ᠤᠷᠤᠨ ᠡᠴᠡ ᠬᠦᠷᠦᠯᠴᠡᠨ ᠢᠷᠡᠭᠰᠡᠨ 585 ᠠᠵᠢᠯᠴᠢᠨ ᠡᠯᠰᠡᠬᠦ ᠪᠠᠶᠢᠭᠤᠯᠤᠯᠭ᠎ᠠ  ᠨᠡᠶᠢᠲᠡ 19350 ᠠᠵᠢᠯ ᠤᠨ ᠪᠠᠶᠢᠷᠢ ᠬᠠᠩᠭ᠋ᠠᠵᠤ᠂ ᠳᠡᠮᠦᠷᠯᠢᠭ᠌ ᠪᠤᠯᠪᠠᠰᠤᠷᠠᠭᠤᠯᠬᠤ᠂ ᠠᠭᠤᠯᠠ ᠠᠭᠤᠷᠬᠠᠢ᠂ ᠮᠠᠰᠢᠨ ᠮᠸᠬᠠᠨᠢᠭ ᠦᠢᠯᠡᠳᠬᠦ᠂ ᠮᠦᠩᠭᠦᠨ ᠭᠦᠢᠯᠭᠡᠭᠡ᠂ ᠵᠠᠬ᠎ᠠ ᠵᠡᠭᠡᠯᠢ ᠶᠢᠨ ᠡᠵᠡᠩᠨᠡᠯᠲᠠ᠂ ᠰᠤᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯ ᠪᠤᠯᠤᠨ ᠢᠨᠲ᠋ᠸᠷᠨ᠋ᠸᠲ ᠵᠡᠷᠭᠡ 15 ᠲᠦᠷᠦᠯ ᠤᠨ ᠬᠦᠷᠢᠶ᠎ᠠ ᠴᠡᠷᠠᠭ᠎ᠠ ᠶᠢ ᠬᠠᠮᠤᠷᠴᠠᠢ᠃ ᠲᠤᠰ ᠰᠤᠷᠭᠠᠭᠤᠯᠢ ᠶᠢᠨ ᠵᠢᠴᠢ ᠤᠶᠢᠷ᠎ᠠ ᠬᠠᠪᠢ ᠶᠢᠨ ᠰᠤᠷᠭᠠᠭᠤᠯᠢ ᠶᠢᠨ 8000 ᠰᠢᠬᠠᠮ ᠲᠡᠭᠦᠰᠬᠦ ᠤᠶᠤᠲᠠᠳ ᠡᠯᠰᠡᠯᠲᠠ ᠶᠢᠨ ᠠᠵᠢᠯᠯᠠᠭ᠎ᠠ ᠳᠤ ᠤᠷᠤᠯᠴᠠᠪᠠ᠃

    ᠲᠤᠰ ᠤᠳᠠᠭᠠᠨ ᠤ ᠬᠤᠤᠰ ᠰᠤᠩᠭ᠋ᠤᠯᠲᠠ ᠶᠢᠨ ᠠᠵᠢᠯᠯᠠᠭ᠎ᠠ ᠳᠤ ᠨᠡᠶᠢᠰᠯᠡᠯ ᠤᠨ ᠪᠤᠯᠤᠳ ᠲᠡᠮᠦᠷ ᠤᠨ ᠪᠦᠯᠦᠭᠯᠡᠯ᠂ ᠪᠸᠨ ᠰᠢ ᠪᠤᠯᠤᠳ ᠲᠡᠮᠦᠷ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠤᠯᠠᠭᠠᠨ ᠠᠯᠲᠠ ᠶᠢᠨ ᠠᠭᠤᠷᠬᠠᠢ ᠶᠢᠨ ᠪᠤᠯᠤᠭ᠍ᠯᠡᠯ ᠬᠤᠪᠢᠴᠠᠭᠠᠲᠤ ᠺᠤᠮᠫᠠᠨᠢ ᠵᠡᠷᠭᠡ ᠳᠡᠯᠡᠬᠡᠢ ᠶᠢᠨ 500 ᠬᠦᠴᠦᠷᠬᠡᠭ᠌ ᠠᠵᠤ ᠠᠬᠤᠶᠢᠯᠠᠯ ᠪᠤᠯᠤᠨ ᠳᠤᠮᠳᠠᠳᠤ ᠶᠢᠨ 500 ᠬᠦᠴᠦᠷᠬᠡᠭ᠌ ᠠᠵᠤ ᠠᠬᠤᠶᠢᠯᠠᠯ ᠵᠦᠩᠳᠡᠭᠡᠨ ᠤᠯᠠᠨ ᠪᠠᠶᠢᠪᠠ᠃ ᠪᠠᠭ᠎ᠠ ᠪᠤᠰᠤ ᠠᠵᠤ ᠠᠬᠤᠶᠢᠯᠠᠯ ᠬᠡᠲᠤ ᠬᠡᠳᠤ ᠤᠳᠠᠭᠠᠨ ᠤ ᠰᠢᠭ᠍ᠰᠢᠯᠳᠡ ᠪᠡᠷ ᠳᠠᠮᠵᠢᠨ ᠴᠢᠳᠠᠪᠤᠷᠢᠲᠠᠨ ᠢ ᠴᠤᠯᠭᠤᠷᠠᠭᠤᠯᠵᠤ᠂ ᠪᠢᠷ ᠤᠨ ᠰᠢᠯᠭᠠᠯᠲᠠ ᠲᠠᠢ ᠪᠡᠷ ᠪᠠᠷᠠᠬᠤ ᠦᠭᠡᠢ ᠪᠠᠰᠠ ᠠᠮᠠᠨ ᠰᠢᠯᠭᠠᠯᠳᠠ ᠶᠢᠨ ᠭᠤᠭᠴᠤᠭ᠎ᠠ ᠪᠤᠯᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠰᠢᠯᠭᠠᠯᠳᠠ ᠳᠤᠬᠢᠷᠠᠭᠤᠯᠤᠭᠰᠠᠨ ᠪᠠᠶᠢᠯ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠬᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121935796