蒙古文网站Logo
ᠰᠢᠨᠬᠤᠸᠠ ᠮᠤᠩᠭ᠋ᠤᠯ ᠨᠧᠲ

ᠲᠤᠮᠳᠠᠳᠦ ᠮᠤᠩᠭ᠋ᠤᠯ ᠤᠷᠤᠰ ᠵᠡᠭᠦᠨ ᠬᠤᠢᠢᠳᠦ ᠠᠽᠢᠶ᠎ᠠ ᠵᠢᠨ ᠵᠢᠭᠤᠯᠴᠢᠯᠠᠯ ᠤᠨ ᠬᠤᠳᠠᠯᠳᠤᠭᠠᠨ ᠤ ᠶᠠᠪᠤᠳᠠᠯ ᠤᠨ ᠬᠠᠮᠳᠤᠷᠠᠯᠴᠠᠭᠠᠨ ᠤ ᠲᠡᠭᠡᠳᠦ ᠰᠤᠷᠭᠠᠭᠤᠯᠢ ᠷᠠᠰᠢᠶᠠᠨ ᠬᠤᠳᠠ ᠳᠤ ᠪᠠᠶᠢᠭᠤᠯᠤᠭᠳᠠᠪᠠ

2017-11-13 13:45

    11 ᠰᠠᠷ᠎ᠠ ᠶᠢᠨ 7 ᠤ ᠡᠳᠦᠷ᠂ ᠦᠪᠦᠷ ᠮᠤᠩᠭ᠋ᠤᠯ ᠤᠨ ᠬᠢᠩᠭ᠋ᠠᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠵᠢᠨ ᠰᠠᠨᠠᠭᠠᠴᠢᠯᠠᠭᠰᠠᠨ ᠲᠤᠮ᠋ᠳᠠᠳᠦ ᠮᠤᠩᠭ᠋ᠤᠯ ᠤᠷᠤᠰ ᠵᠡᠬᠦᠨ ᠬᠤᠢᠢᠳᠦ ᠠᠽᠢᠶ᠎ᠠ ᠵᠢᠨ ᠵᠢᠭᠤᠯᠴᠢᠯᠠᠯ ᠤᠨ ᠬᠤᠳᠠᠯᠳᠤᠭᠠᠨ ᠤ ᠶᠠᠪᠤᠳᠠᠯ ᠤᠨ ᠬᠠᠮ᠋ᠳᠤᠷᠠᠯᠴᠠᠭᠠᠨ ᠤ ᠲᠡᠭᠡᠳᠦ ᠰᠤᠷᠭᠠᠭᠤᠯᠢ ᠷᠠᠰᠢᠶᠠᠨ ᠬᠤᠳᠠ ᠳᠤ ᠵᠢᠩᠬᠢᠨᠢ ᠪᠡᠷ ᠪᠠᠢᠢᠭᠤᠯᠤᠭᠳᠠᠭᠰᠠᠨ ᠪᠠᠢᠢᠨ᠎ᠠ᠃᠋

    ᠫᠠᠢᠢᠰᠠ ᠡᠯᠬᠦᠬᠦ ᠶᠤᠰᠤᠯᠠᠯ ᠲᠡᠭᠡᠷ᠎ᠠ᠂ ᠲᠤᠮ᠋ᠳᠠᠳᠦ ᠮᠤᠩᠭ᠋ᠤᠯ ᠤᠷᠤᠰ ᠵᠡᠬᠦᠨ ᠬᠤᠢᠢᠳᠦ ᠠᠽᠢᠶ᠎ᠠ ᠵᠢᠨ ᠵᠢᠭᠤᠯᠴᠢᠯᠠᠯ ᠤᠨ ᠬᠤᠳᠠᠯᠳᠤᠭᠠᠨ ᠤ ᠶᠠᠪᠤᠳᠠᠯ ᠤᠨ ᠲᠡᠭᠡᠳᠦ ᠰᠤᠷᠭᠠᠭᠤᠯᠢ ᠵᠢ ᠡᠭᠦᠰᠭᠡᠨ ᠪᠠᠢᠢᠭᠤᠯᠬᠤ ᠳᠤ ᠲᠤᠮ᠋ᠳᠠᠳᠦ ᠤᠯᠤᠰ ᠤᠨ5 ᠲᠤᠰᠬᠠᠢ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ᠂ ᠮᠤᠩᠭ᠋ᠤᠯ ᠤᠯᠤᠰ ᠤᠨ 3 ᠲᠤᠰᠬᠠᠢ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ᠂ ᠤᠷᠤᠰ ᠤᠨ 2 ᠲᠤᠰᠬᠠᠢ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠵᠢᠴᠢ ᠲᠤᠮ᠋ᠳᠠᠳᠦ ᠭᠠᠳᠠᠭᠠᠳᠦ ᠵᠢᠨ ᠬᠠᠮ᠋ᠳᠤᠷᠠᠨ ᠠᠵᠢᠯᠯᠠᠵᠦ ᠪᠠᠢᠢᠭ᠎ᠠ 5 ᠠᠵᠦ ᠠᠬᠤᠢᠢᠯᠠᠯ ᠬᠠᠮ᠋ᠳᠤᠷᠠᠨ ᠰᠤᠷᠭᠠᠭᠤᠯᠢ ᠡᠷᠬᠢᠯᠡᠬᠦ ᠵᠦᠪᠯᠡᠯᠴᠡᠭᠡᠷ ᠲᠤᠭᠳᠠᠭᠰᠠᠨ ᠪᠠᠢᠢᠨ᠎ᠠ᠃᠋

    ᠤᠢᠢᠯᠠᠭᠠᠭᠰᠠᠨ ᠢᠶᠡᠷ᠂ ᠲᠤᠰ ᠲᠡᠭᠡᠳᠦ ᠰᠤᠷᠭᠠᠭᠤᠯᠢ ᠵᠢᠭᠤᠯᠴᠢᠯᠠᠯ ᠤᠨ ᠬᠠᠮ᠋ᠢᠶᠠᠷᠤᠯᠳᠠ᠂ ᠵᠤᠴᠢᠳ  ᠪᠠᠭᠤᠳᠠᠯ ᠤᠨ ᠬᠠᠮ᠋ᠢᠶᠠᠷᠤᠯᠳᠠ᠂ ᠤᠯᠠᠨ ᠤᠯᠤᠰ ᠤᠨ ᠬᠤᠳᠠᠯᠳᠤᠭᠠᠨ ᠤ ᠶᠠᠪᠤᠳᠠᠯ᠂ ᠪᠤᠭᠤᠮ᠋ᠳᠠ ᠵᠢᠨ ᠪᠤᠳᠠᠰ ᠤᠨ ᠬᠦᠢᠯᠭᠡᠭᠡ᠂ ᠬᠢᠳᠡᠳ ᠬᠡᠯᠡ᠂ ᠮᠤᠩᠭ᠋ᠤᠯ ᠬᠡᠯᠡ᠂ ᠤᠷᠤᠰ ᠬᠡᠯᠡ᠂ ᠲᠠᠭᠤᠤ ᠪᠦᠵᠢᠭ᠌᠂ ᠤᠷᠠᠨ ᠵᠢᠷᠤᠭ᠂ ᠢᠳᠡᠭᠡᠨ ᠤᠮ᠋ᠳᠠᠭᠠᠨ᠂ ᠮᠤᠷᠢᠨ ᠮᠡᠷᠭᠡᠵᠢᠯ᠂ ᠬᠦᠯ ᠪᠦᠮ᠋ᠪᠦᠭᠡ ᠭᠡᠬᠦᠴᠢᠯᠡᠨ ᠲᠦᠷᠦᠬᠦᠦ ᠪᠦᠯᠦᠭ ᠤᠨ ᠲᠤᠰᠬᠠᠢ ᠮᠡᠷᠭᠡᠵᠢᠯ ᠢ ᠨᠡᠭᠡᠭᠡᠬᠦ ᠪᠤᠯᠤᠨ᠎ᠠ᠃᠋ ᠲᠤᠰ ᠲᠡᠭᠡᠳᠦ ᠰᠤᠷᠭᠠᠭᠤᠯᠢ ᠡᠯ᠎ᠠ ᠰᠤᠷᠭᠠᠭᠤᠯᠢ ᠵᠢᠨ ᠲᠠᠪᠠᠭᠤᠯᠢᠭ ᠲᠤᠰᠬᠠᠢ ᠮᠡᠷᠭᠡᠵᠢᠯ ᠵᠢᠡᠷ ᠠᠴᠢᠶᠠᠯᠠᠪᠤᠷᠢ ᠪᠤᠯᠭᠠᠨ᠂ ᠭᠤᠷᠪᠠᠨ ᠤᠯᠤᠰ ᠤᠨ ᠪᠠᠭᠰᠢ ᠵᠢᠨ ᠡᠬᠢ ᠪᠠᠶᠠᠯᠢᠭ ᠪᠠ ᠲᠤᠨᠤᠭ ᠲᠦᠬᠦᠭᠡᠷᠦᠮ᠋ᠵᠢ ᠵᠢᠨ ᠡᠬᠢ ᠪᠠᠶᠠᠯᠢᠭ ᠵᠢᠡᠨ ᠬᠠᠮ᠋ᠳᠦ ᠪᠡᠷ ᠡᠳ᠋ᠯᠡᠵᠦ᠂ ᠰᠤᠷᠤᠯᠴᠠᠭᠰᠠᠨ ᠨᠠᠮ᠋ᠳᠠᠷ ᠤᠨ ᠵᠢᠭᠠᠨ ᠰᠤᠷᠭᠠᠯᠳᠠ᠂ ᠤᠬᠤᠷ ᠬᠤᠭᠤᠴᠠᠭ᠎ᠠ ᠪᠡᠷ ᠪᠤᠯᠪᠠᠰᠤᠷᠠᠯ ᠬᠦᠷᠳᠡᠭᠡᠬᠦ᠂ ᠲᠤᠰᠬᠠᠢ ᠠᠵᠢᠯ ᠮᠡᠷᠭᠡᠵᠢᠯ ᠤᠨ ᠪᠤᠯᠪᠠᠰᠤᠷᠠᠯ ᠵᠢᠴᠢ ᠬᠠᠮ᠋ᠳᠤᠷᠠᠨ ᠰᠢᠨᠵᠢᠯᠡᠬᠦ ᠤᠬᠠᠭᠠᠨ ᠮᠡᠷᠭᠡᠵᠢᠯ  ᠤᠨ ᠰᠤᠳᠤᠯᠤᠯᠳᠠ ᠬᠢᠬᠦ ᠵᠡᠷᠭᠡ ᠤᠯᠠᠨ ᠬᠡᠯᠪᠡᠷᠢ ᠪᠡᠷ ᠬᠠᠮ᠋ᠳᠤᠷᠠᠨ ᠰᠤᠷᠭᠠᠭᠤᠯᠢ ᠡᠷᠬᠢᠯᠡᠵᠦ᠂ ᠵᠡᠬᠦᠨ ᠬᠤᠢᠢᠳᠦ ᠠᠽᠢᠶ᠎ᠠ ᠵᠢᠨ ᠬᠦᠷᠢᠶ᠎ᠠ ᠬᠡᠪᠴᠢᠶᠡᠨ ᠤ ᠨᠡᠷᠡᠳᠦ ᠲᠤᠰᠬᠠᠢ ᠮᠡᠷᠭᠡᠵᠢᠯ ᠢ ᠪᠤᠢ ᠪᠤᠯᠭᠠᠬᠤ ᠪᠡᠷ ᠬᠦᠴᠦᠯᠠᠨ ᠴᠢᠷᠮ᠋ᠠᠢᠢᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121946658