ᠶᠡᠬᠡ ᠲᠡᠭᠡᠳᠦ ᠰᠤᠷᠭᠠᠭᠤᠯᠢ ᠶᠢᠨ ᠪᠠᠭᠰᠢ ᠮᠡᠷᠭᠡᠵᠢᠯ ᠤᠨ ᠴᠤᠯᠠ ᠠᠪᠬᠤ ᠳ᠋ᠤ ᠶᠤᠰᠤ ᠰᠤᠷᠲᠠᠬᠤᠨ ᠤ ᠦᠨᠡᠯᠡᠯᠲᠡ ᠶᠢ ᠲᠡᠷᠢᠬᠦᠨ ᠪᠠᠶᠢᠷᠢᠨ ᠳ᠋ᠤ ᠲᠠᠯᠪᠢᠨ᠎ᠠ 2017-11-14 12:14

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 13 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠱᠢ ᠢᠦᠢ ᠼᠧᠨ ) ᠰᠤᠷᠭᠠᠨ ᠬᠦᠮᠦᠵᠢᠯ ᠤᠨ ᠶᠠᠮᠤᠨ᠂ ᠬᠦᠮᠦᠨ ᠤ ᠨᠦᠭᠡᠴᠡ ᠪᠠ ᠨᠡᠶᠢᠭᠡᠮ ᠤᠨ ᠪᠠᠲᠤᠯᠠᠭᠠᠨ ᠤ ᠶᠠᠮᠤᠨ 13 ᠤ᠌ ᠡᠲᠦᠷ 《 ᠶᠡᠬᠡ ᠲᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠤᠯᠠ ᠬᠢᠨᠠᠵᠤ ᠦᠨᠡᠯᠡᠬᠦ ᠶᠢ ᠬᠢᠨᠠᠨ ᠬᠠᠮᠢᠶᠠᠷᠬᠤ ᠲᠦᠷ ᠬᠡᠷᠡᠭᠵᠢᠬᠦᠯᠬᠦ ᠠᠷᠭ᠎ᠠ》 ᠶ᠌ᠢ ᠨᠡᠶᠢᠲᠡᠯᠡᠪᠡ᠂ ᠶᠡᠬᠡ ᠲᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠤᠯᠠ ᠬᠢᠨᠠᠵᠤ ᠦᠨᠡᠯᠡᠬᠦ ᠡᠷᠬᠡ ᠶᠢ ᠶᠡᠬᠡ ᠲᠡᠭᠡᠳᠦ ᠰᠤᠷᠭᠠᠭᠤᠯᠢ ᠳ᠋ᠤ ᠦᠭ᠍ᠬᠦ ᠪᠡᠷ ᠲᠤᠭᠲᠠᠬᠰᠠᠨ ᠪᠦᠭᠡᠳ ᠶᠡᠬᠡ ᠲᠡᠭᠡᠳᠦ ᠰᠤᠷᠭᠠᠭᠤᠯᠢ ᠪᠠᠭᠰᠢ ᠶᠢᠨ ᠮᠡᠷᠭᠡᠵᠢᠯ ᠤᠨ ᠴᠤᠯᠠ ᠬᠢᠨᠠᠵᠤ ᠦᠨᠡᠯᠡᠬᠦ ᠠᠵᠢᠯ ᠳ᠋ᠤ ᠶᠤᠰᠤ ᠰᠤᠷᠲᠠᠬᠤᠨ ᠤ ᠦᠨᠡᠯᠡᠯᠲᠡ ᠶᠢ ᠲᠡᠷᠢᠬᠦᠨ ᠪᠠᠶᠢᠷᠢᠨ ᠳ᠋ᠤ ᠲᠠᠯᠪᠢᠬᠤ ᠬᠡᠷᠡᠭᠲᠡᠢ ᠭᠡᠵᠡᠢ᠃

    ᠠᠷᠭ᠎ᠠ ᠳ᠋ᠤ ᠲᠤᠲᠤᠷᠬᠠᠶᠢᠯᠠᠭᠰᠠᠨ ᠶᠢᠡᠷ᠂ ᠲᠤᠰᠭ᠋᠋ᠠᠷ ᠶᠢᠡᠨ ᠬᠢᠨᠠᠵᠤ ᠦᠨᠡᠯᠡᠬᠦ ᠨᠦᠬᠦᠴᠡᠯ ᠦᠭᠡᠢ ᠶᠡᠬᠡ ᠲᠡᠭᠡᠲᠦ ᠰᠤᠷᠭᠠᠭᠤᠯᠢ ᠬᠤᠯᠪᠤᠭᠠᠯᠠᠨ ᠬᠢᠨᠠᠵᠤ ᠦᠨᠡᠯᠡᠬᠦ ᠪᠤᠶᠤ ᠨᠠᠶᠢᠲᠠᠨ ᠭᠦᠢᠴᠡᠳᠭᠡᠯᠭᠡᠵᠤ ᠪᠤᠯᠤᠨ᠎ᠠ᠂ ᠭᠤᠤᠯ ᠬᠠᠷᠢᠴᠠᠭᠤᠯᠭ᠎ᠠ ᠶᠢ ᠶᠡᠬᠡ ᠲᠡᠭᠡᠳᠦ ᠰᠤᠷᠭᠠᠭᠤᠯᠢ ᠡᠭᠦᠷᠭᠡᠯᠡᠨ᠎ᠡ᠃ ᠶᠡᠬᠡ ᠲᠡᠭᠡᠳᠦ ᠰᠤᠷᠭᠠᠭᠤᠯᠢ ᠶᠢᠨ ᠲᠡᠳ᠋ ᠫᠷᠤᠹᠧᠰᠰᠤᠷ᠂ ᠫᠷᠤᠹᠧᠰᠰᠤᠷ ᠢ ᠬᠢᠨᠠᠵᠤ ᠦᠨᠡᠯᠡᠬᠦ ᠠᠵᠢᠯ ᠢ ᠲᠡᠭᠡᠳᠦ ᠰᠤᠷᠭᠠᠭᠤᠯᠢ ( ᠰᠠᠯᠪᠤᠷᠢ) ᠶ᠌ᠢᠨ ᠵᠡᠷᠭᠡᠯᠡᠯ ᠳ᠋ᠤ ᠦᠭᠴᠦ ᠪᠤᠯᠬᠤ ᠦᠭᠡᠢ᠃ ᠶᠡᠬᠡ ᠲᠡᠭᠡᠳᠦ ᠰᠤᠷᠭᠠᠭᠤᠯᠢ ᠶᠢ ᠭᠤᠤᠯᠯᠠᠨ ᠬᠠᠮᠢᠶᠠᠷᠴᠤ ᠪᠠᠶᠢᠭ᠎ᠠ ᠪᠠᠶᠢᠭᠤᠯᠤᠯᠭ᠎ᠠ ᠨᠢᠭᠡᠴᠡ ᠡᠴᠡ ᠬᠢᠨᠠᠵᠤ ᠦᠨᠡᠯᠡᠬᠦ ᠠᠵᠢᠯ ᠢ ᠪᠤᠲᠠᠲᠠᠢ ᠬᠢᠨᠠᠨ ᠬᠠᠮᠢᠶᠠᠷᠴᠤ ᠠᠵᠢᠯ ᠤᠨ ᠲᠠᠯ᠎ᠠ ᠪᠡᠷ ᠵᠢᠯᠤᠭᠤᠳᠬᠤ ᠬᠡᠷᠡᠭᠲᠡᠢ᠃

    ᠠᠷᠭ᠎ᠠ ᠳ᠋ᠤ᠂ ᠶᠡᠬᠡ ᠲᠡᠭᠡᠳᠦ ᠰᠤᠷᠭᠠᠭᠤᠯᠢ ᠬᠦ᠍ᠭ᠍ᠵᠢᠯᠲᠠ ᠶᠢᠨ ᠬᠠᠷᠠᠯᠲᠠ ᠪᠠ ᠪᠠᠶᠢᠷᠢ ᠲᠤᠭᠲᠠᠭᠠᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠦᠰᠦᠯ ᠲᠠᠢ ᠪᠠᠨ ᠤᠶᠠᠯᠲᠤᠭᠤᠯᠤᠨ ᠲᠤᠰ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠤᠯᠠ ᠬᠢᠨᠠᠵᠤ ᠦᠨᠡᠯᠡᠬᠦ ᠠᠷᠭ᠎ᠠ ᠪᠠ ᠪᠤᠲᠠᠲᠠᠢ ᠠᠷᠭ᠎ᠠ ᠬᠡᠮᠵᠢᠶ᠎ᠠ ᠵᠡᠷᠭᠡ ᠶᠢ ᠲᠤᠭᠲᠠᠭᠠᠵᠤ᠂ ᠮᠡᠷᠭᠡᠵᠢᠯ ᠤᠨ ᠴᠤᠯᠠ ᠬᠢᠨᠠᠵᠤ ᠦᠨᠡᠯᠡᠬᠦ ᠬᠠᠷᠢᠭᠤᠴᠠᠯᠭ᠎ᠠ᠂ ᠪᠠᠷᠢᠮᠵᠢᠶ᠎ᠠ᠂ ᠶᠠᠪᠤᠴᠠ ᠵᠡᠷᠭᠡ ᠶᠢ ᠲᠤᠲᠤᠷᠬᠠᠶᠢᠯᠠᠬᠤ ᠬᠡᠷᠡᠭᠲᠡᠢ᠃ ᠰᠤᠷᠭᠠᠭᠤᠯᠢ ᠶᠢᠨ ᠵᠡᠷᠭᠡᠯᠡᠯ ᠤᠨ ᠬᠢᠨᠠᠵᠤ ᠦᠨᠡᠯᠡᠬᠦ ᠺᠤᠮᠢᠰ ᠪᠤᠲᠠᠲᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠬᠦ ᠬᠡᠷᠡᠭᠲᠡᠢ᠃ ᠮᠦᠨ ᠡᠲᠡᠭᠡᠷ ᠠᠷᠭ᠎ᠠ ᠬᠡᠮᠵᠢᠶ᠎ᠠ ᠨᠢ ᠤᠯᠤᠰ ᠤᠨ ᠬᠠᠮᠢᠶ᠎ᠠ ᠪᠦᠬᠦᠢ ᠬᠠᠦᠯᠢ ᠲᠤᠭᠲᠠᠭᠠᠯ ᠪᠠ ᠮᠡᠷᠭᠡᠵᠢᠯ ᠤᠨ ᠴᠤᠯᠠ  ᠬᠢᠨᠠᠵᠤ ᠦᠨᠡᠯᠡᠬᠦ ᠦᠭᠡᠷᠡᠴᠢᠯᠡᠯᠲᠡ ᠶᠢᠨ ᠱᠠᠭᠠᠷᠲᠠᠯᠭ᠎ᠠ ᠲᠠᠢ ᠨᠡᠶᠢᠴᠡᠬᠦ ᠬᠡᠷᠡᠭᠲᠡᠢ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121953238