蒙古文网站Logo
ᠰᠢᠨᠬᠤᠸᠠ ᠮᠤᠩᠭ᠋ᠤᠯ ᠨᠧᠲ

《ᠤᠬᠠᠭᠠᠷᠠᠬᠤ ᠤᠷ᠎ᠠ》ᠬᠢᠴᠢᠶᠠᠯ ᠤᠨ ᠠᠭᠤᠯᠭ᠎ᠠ ᠶᠢ ᠵᠦᠴᠦᠭᠡᠯᠡᠨ ᠲᠤᠭᠯᠠᠬᠤ ᠤᠷᠤᠯᠲᠤᠭᠠᠨ ᠵᠤᠬᠢᠶᠠᠨ ᠪᠠᠶᠢᠭᠤᠯᠪᠠ

2017-11-20 17:11

    ᠰᠢᠨᠬᠤᠧᠠ ᠮᠤᠩᠭ᠋ᠤᠯ ᠨᠧᠲ   ᠬᠦᠬᠡᠬᠤᠲᠠ ᠶᠢᠨ 11 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ   11 ᠰᠠᠷ᠎ᠠ ᠶᠢᠨ 16 ᠤ ᠡᠲᠦᠷ ᠦᠪᠦᠷ ᠮᠤᠩᠭ᠋ᠤᠯ ᠤᠨ ᠰᠦᠨᠢᠳ ᠪᠠᠷᠠᠭᠤᠨ ᠬᠤᠰᠢᠭᠤᠨ ᠤ ᠭᠤᠷᠪᠠᠲᠤᠭᠠᠷ ᠪᠠᠭ᠎ᠠ ᠰᠤᠷᠭᠠᠭᠤᠯᠢ ᠬᠡᠦᠬᠡᠳ ᠪᠠᠭᠠᠴᠤᠳ ᠢ ᠬᠠᠷᠠᠬᠠᠨ ᠪᠠᠭ᠎ᠠ ᠡᠴᠡ ᠨᠢ ᠬᠢᠴᠢᠶᠠᠯ ᠤᠨ ᠶᠢᠡᠨ ᠠᠭᠤᠯᠭ᠎ᠠ ᠳ᠋ᠤ ᠨᠡᠪᠲᠡᠷᠡᠨ᠂ ᠬᠢᠴᠢᠶᠠᠯ ᠤᠨ ᠲᠠᠩᠬᠢᠮ ᠳ᠋ᠤ ᠰᠤᠷᠤᠭᠰᠠᠨ ᠮᠡᠲᠡᠯᠭᠡ ᠪᠠᠨ ᠪᠤᠲᠠᠲᠠᠶᠢᠵᠢᠭᠤᠯᠬᠤ ᠳᠤ ᠨᠢ ᠲᠤᠰᠠᠯᠠᠵᠤ᠂ ᠰᠤᠷᠤᠭᠴᠢᠳ ᠤᠨ ᠰᠤᠶᠤᠯ ᠤᠨ ᠠᠮᠢᠲᠤᠷᠠᠯ ᠢ ᠪᠠᠶᠠᠯᠢᠭᠵᠢᠭᠤᠯᠬᠤ ᠪᠡᠷ 《ᠤᠬᠠᠭᠠᠷᠠᠬᠤ ᠤᠷ᠎ᠠ》ᠬᠢᠴᠢᠶᠠᠯ ᠤᠨ ᠠᠭᠤᠯᠭ᠎ᠠ ᠶᠢ ᠵᠦᠴᠦᠭᠡᠯᠡᠨ ᠲᠤᠭᠯᠠᠬᠤ ᠤᠷᠤᠯᠲᠤᠭᠠᠨ ᠵᠤᠬᠢᠶᠠᠨ ᠪᠠᠶᠢᠭᠤᠯᠪᠠ᠃

    ᠤᠷᠤᠯᠲᠤᠭᠠᠨ ᠶᠢᠡᠷ ᠲᠠᠮᠵᠢᠭᠤᠯᠤᠨ ᠬᠡᠦᠬᠡᠳ ᠤᠨ ᠬᠡᠯᠡ ᠶᠠᠷᠢᠶᠠᠨ ᠤ ᠢᠯᠡᠳᠭᠡᠬᠦ ᠴᠢᠲᠠᠪᠤᠷᠢ ᠪᠠ ᠵᠦᠴᠦᠭᠡᠯᠡᠬᠦ ᠴᠢᠲᠠᠪᠤᠷᠢ ᠶᠢ ᠨᠢ ᠲᠡᠭᠡᠭ᠍ᠰᠢᠯᠡᠬᠦᠯᠵᠦ᠂ ᠭᠡᠷ ᠤᠨ ᠠᠬᠠᠮᠠᠳ ᠪᠠ ᠨᠡᠶᠢᠭᠡᠮ ᠤᠨ ᠦᠨᠳᠦᠷ ᠦᠨᠡᠯᠡᠯᠲᠡ ᠶᠢ ᠤᠯᠤᠭᠰᠠᠨ ᠤᠳᠬ᠎ᠠ ᠠᠭᠤᠯᠭ᠎ᠠ ᠲᠠᠢ ᠤᠷᠤᠯᠲᠤᠭᠠᠨ ᠪᠤᠯᠪᠠ᠃ ( ᠵᠢᠷᠤᠭ ᠢ ᠮᠢᠩᠭ᠋ᠠᠨ )

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121984065