蒙古文网站Logo
ᠰᠢᠨᠬᠤᠸᠠ ᠮᠤᠩᠭ᠋ᠤᠯ ᠨᠧᠲ

ᠰᠢᠨᠵᠢᠶᠠᠩ ᠪᠦᠬᠦ ᠤᠷᠤᠨ ᠤ ᠪᠠᠨ ᠬᠡᠪᠴᠢᠶᠠᠨ ᠳ᠋ᠤ ᠦᠨᠳᠦᠷ ᠲᠤᠮᠲᠠᠲᠤ ᠶᠢᠨ ᠱᠠᠲᠤᠨ ᠤ ᠲᠦᠯᠦᠪᠦᠷᠢ ᠦᠭᠡᠢ ᠰᠤᠷᠭᠠᠨ ᠬᠦᠮᠦᠵᠢᠯ ᠢ ᠲᠦᠭᠡᠮᠡᠯᠵᠢᠭᠦᠯᠬᠦ ᠪᠡᠷ ᠪᠠᠶᠢᠨ᠎ᠠ

2017-11-23 10:20

    ᠰᠢᠨᠬᠤᠧᠠ ᠬᠤᠷᠢᠶ᠎ᠠ   ᠦᠷᠦᠮᠴᠢ ᠶᠢᠨ 11 ᠰᠠᠷ᠎ᠠ ᠶᠢᠨ 21 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠠ ᠢ ᠨᠦ ᠡᠯ ) ᠰᠢᠨᠵᠢᠶᠠᠩ ᠤᠨ ᠤᠶᠢᠭᠤᠷ ᠤᠨ ᠦᠪᠡᠷᠲᠡᠭᠡᠨ ᠵᠠᠰᠠᠬᠤ ᠤᠷᠤᠨ ᠡᠨᠡ ᠤᠨ ᠤ 12 ᠰᠠᠷ᠎ᠠ ᠶᠢᠨ 1 ᠤ ᠡᠲᠦᠷ ᠡᠴᠡ ᠡᠬᠢᠯᠡᠨ ᠪᠦᠬᠦ ᠤᠷᠤᠨ ᠤ ᠪᠠᠨ ᠬᠡᠪᠴᠢᠶᠠᠨ ᠳ᠋ᠤ ᠦᠨᠳᠦᠷ ᠲᠤᠮᠲᠠᠲᠤ ᠶᠢᠨ ᠲᠦᠯᠦᠪᠦᠷᠢ ᠦᠭᠡᠢ ᠰᠤᠷᠭᠠᠨ ᠬᠦᠮᠦᠵᠢᠯ ᠢ ᠲᠦᠭᠡᠮᠡᠯᠵᠢᠬᠦᠯᠦᠨ ᠡᠯ᠎ᠡ ᠦᠨᠳᠦᠰᠦᠲᠡᠨ ᠤ 86 ᠲᠦᠮᠡᠨ ᠰᠤᠷᠤᠭᠴᠢᠳ ᠲᠤ ᠠᠰᠢᠭ ᠬᠦᠷᠲᠡᠭᠡᠬᠦ ᠪᠤᠯᠤᠨ᠎ᠠ᠃

    ᠰᠤᠷᠪᠤᠯᠵᠢᠯᠠᠭᠴᠢ 21 ᠤ ᠡᠲᠦᠷ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠡᠴᠡ ᠤᠶᠢᠯᠠᠭᠠᠭᠰᠠᠨ ᠶᠢᠡᠷ᠂ ᠰᠢᠨ᠎ᠡ ᠪᠠᠷ ᠨᠡᠶᠢᠲᠡᠯᠡᠭᠰᠡᠨ《 ᠰᠢᠨᠵᠢᠶᠠᠩ ᠤᠨ ᠤᠶᠢᠭᠤᠷ ᠤᠨ ᠦᠪᠡᠷᠲᠡᠭᠡᠨ ᠵᠠᠰᠠᠬᠤ ᠤᠷᠤᠨ ᠤ ᠦᠨᠳᠦᠷ ᠲᠤᠮᠲᠠᠲᠤ ᠶᠢᠨ ᠱᠠᠲᠤᠨ ᠤ ᠲᠦᠯᠦᠪᠦᠷᠢ ᠦᠭᠡᠢ ᠰᠤᠷᠭᠠᠨ ᠬᠦᠮᠦᠵᠢᠯ ᠢ ᠬᠡᠷᠡᠭᠵᠢᠬᠦᠯᠬᠦ ᠠᠷᠭ᠎ᠠ》 ᠶ᠋ᠢ ᠦᠨᠳᠦᠰᠦᠯᠡᠪᠡᠯ᠂ ᠡᠨᠡ ᠤᠨ ᠤ 12 ᠰᠠᠷ᠎ᠠ ᠶᠢᠨ 1 ᠤ ᠡᠲᠦᠷ ᠡᠴᠡ ᠪᠦᠬᠦ ᠤᠷᠤᠨ ᠤ ᠡᠩ ᠤᠨ ᠦᠨᠳᠦᠷ ᠲᠤᠮᠲᠠᠲᠤ ᠶᠢᠨ ᠰᠤᠷᠤᠭᠴᠢ᠂ ᠪᠦᠬᠦᠯᠢ ᠡᠲᠦᠷ ᠤᠨ ᠲᠦᠷᠢᠮᠲᠦ ᠲᠤᠮᠲᠠᠲᠤ ᠵᠡᠷᠭᠡ ᠶᠢᠨ ᠰᠤᠷᠤᠯᠭ᠎ᠠ ᠶᠢᠨ ᠨᠠᠮᠲᠠᠷ ᠪᠦᠬᠦᠢ ᠲᠤᠮᠲᠠᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ (ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠲᠦᠷ ᠤᠨ ᠲᠦᠷᠢᠮᠲᠦ ᠰᠤᠷᠭᠠᠭᠤᠯᠢ ᠳ᠋ᠤ ᠪᠠᠶᠢᠭ᠎ᠠ ᠰᠤᠷᠤᠭᠴᠢ) ᠳ᠋ᠤ ᠦᠨᠳᠦᠷ ᠲᠤᠮᠲᠠᠲᠤ ᠶᠢᠨ ᠲᠦᠯᠦᠪᠦᠷᠢ ᠦᠭᠡᠢ ᠰᠤᠷᠭᠠᠨ ᠬᠦᠮᠦᠵᠢᠯ ᠤᠨ ᠲᠦᠷᠦ ᠶᠢᠨ ᠪᠤᠲᠤᠯᠭ᠎ᠠ ᠶᠢ ᠬᠡᠷᠡᠭᠵᠢᠬᠦᠯᠵᠦ᠂ ᠵᠢᠭᠠᠬᠤ ᠮᠠᠲ᠋ᠧᠷᠢᠶᠠᠯ᠂ ᠲᠤᠲᠤᠭᠤᠷ ᠪᠠᠶᠢᠷᠢ᠂ ᠰᠤᠷᠤᠯᠭ᠎ᠠ ᠶᠢᠨ ᠰᠦᠢᠳᠭᠡᠯ ᠢ ᠨᠢ ᠬᠡᠯᠲᠦᠷᠢᠬᠦᠯᠬᠦ ᠶᠢᠨ ᠬᠠᠮᠲᠤ ᠠᠮᠢᠲᠤᠷᠠᠯ ᠨᠢ ᠬᠦᠴᠢᠷᠲᠡᠯᠲᠡᠢ ᠰᠤᠷᠤᠭᠴᠢ ᠳ᠋ᠤ ᠰᠤᠷᠤᠯᠭ᠎ᠠ ᠶᠢᠨ ᠲᠡᠳᠬᠦᠮᠵᠢ  ᠮᠦᠩᠬᠦ ᠤᠯᠭᠤᠨ᠎ᠠ ᠭᠡᠵᠡᠢ᠃

    ᠡᠨᠡᠬᠦ ᠰᠢᠨ᠎ᠡ ᠲᠤᠭᠲᠠᠭᠠᠯ ᠢ ᠦᠨᠳᠦᠰᠦᠯᠡᠪᠡᠯ᠂ ᠠᠷᠠᠳ ᠡᠴᠡ ᠡᠷᠬᠢᠯᠡᠭᠰᠡᠨ ᠰᠤᠷᠭᠠᠭᠤᠯᠢ ᠶᠢᠨ ᠦᠨᠳᠦᠷ ᠲᠤᠮᠲᠠᠲᠤ ᠶᠢᠨ ᠰᠤᠷᠤᠭᠴᠢ ᠴᠤ ᠡᠨᠡᠬᠦ ᠲᠦᠷᠦ ᠶᠢᠨ ᠪᠤᠲᠤᠯᠭ᠎ᠠ ᠶᠢᠨ ᠬᠠᠯᠠᠮᠵᠢᠯᠠᠯ ᠢ ᠬᠦᠷᠲᠡᠨ᠎ᠡ᠃ ᠡᠭᠦᠨ ᠳ᠋ᠤ ᠨᠦᠬᠦᠪᠦᠷᠢ ᠶᠢᠨ ᠪᠠᠷᠢᠮᠵᠢᠶ᠎ᠠ ᠶᠢ ᠲᠤᠬᠠᠢ ᠶᠢᠨ ᠤᠷᠤᠨ ᠤ ᠠᠳᠠᠯᠢ ᠵᠡᠷᠭᠡᠯᠡᠯ ᠤᠨ ᠠᠯᠪᠠᠨ ᠡᠴᠡ ᠡᠷᠬᠢᠯᠡᠭᠰᠡᠨ ᠰᠤᠷᠭᠠᠭᠤᠯᠢ ᠶᠢᠨ ᠲᠦᠯᠦᠪᠦᠷᠢ ᠦᠭᠡᠢ ᠰᠤᠷᠭᠠᠨ ᠬᠦᠮᠦᠵᠢᠯ ᠤᠨ ᠪᠠᠷᠢᠮᠵᠢᠶ᠎ᠠ ᠪᠡᠷ ᠤᠯᠭᠤᠵᠤ᠂ ᠪᠠᠷᠢᠮᠵᠢᠶᠠᠨ ᠡᠴᠡ ᠬᠡᠲᠦᠷᠡᠭᠰᠡᠨ ᠬᠡᠰᠡᠭ ᠢ ᠨᠢ ᠭᠡᠷ ᠤᠨ ᠠᠬᠠᠮᠠᠳ ᠤᠨ ᠲᠠᠯ᠎ᠠ ᠡᠴᠡ ᠡᠭᠦᠷᠭᠡᠯᠡᠨ᠎ᠡ᠂ ᠪᠠᠷᠢᠮᠵᠢᠶᠠᠨ ᠳ᠋ᠤ ᠬᠦᠷᠦᠭᠰᠡᠨ ᠦᠭᠡᠢ ᠶᠢ ᠨᠢ ᠲᠤᠬᠠᠢ ᠶᠢᠨ ᠰᠤᠷᠭᠠᠭᠤᠯᠢ ᠶᠢᠨ ᠬᠢᠨᠢ ᠪᠤᠲᠠᠲᠠᠢ ᠪᠠᠶᠢᠲᠠᠯ ᠳᠤ ᠦᠨᠳᠦᠰᠦᠯᠡᠨ ᠨᠦᠬᠦᠪᠦᠷᠢ ᠤᠯᠭᠤᠨ᠎ᠠ ᠭᠡᠵᠡᠢ᠃

    ᠡᠭᠦᠨ ᠳ᠋ᠤ ᠵᠤᠷᠢᠭᠤᠯᠤᠨ ᠦᠪᠡᠷᠲᠡᠭᠡᠨ ᠵᠠᠰᠠᠬᠤ ᠤᠷᠤᠨ ᠡᠮᠦᠨ᠎ᠡ ᠰᠢᠨᠵᠢᠶᠠᠩ ᠤᠨ ᠲᠦᠷᠪᠡᠨ ᠵᠧᠦ ᠪᠠ ᠬᠦᠲᠡᠭᠡ ᠤᠷᠤᠨ ᠨᠤᠲᠤᠭ ᠶᠢᠡᠷ ᠭᠤᠤᠯᠲᠠᠯᠭ᠎ᠠ ᠪᠤᠯᠭᠠᠨ 25.81 ᠳ᠋ᠦᠩᠰᠢᠭᠤᠷ ᠲᠦᠭᠦᠷᠢᠭ᠌ ᠬᠦᠷᠦᠩᠭᠡ ᠤᠷᠤᠭᠤᠯᠵᠤ᠂ 15 ᠵᠢᠯ ᠤᠨ ᠲᠦᠯᠦᠪᠦᠷᠢ ᠦᠭᠡᠢ ᠠᠯᠪᠠᠨ ᠵᠢᠷᠦᠮ ᠤᠨ ᠰᠤᠷᠭᠠᠨ ᠬᠦᠮᠦᠵᠢᠯ ᠢ ᠠᠬᠢᠭᠤᠯᠤᠨ ᠠᠮᠢᠲᠤᠷᠠᠯ ᠨᠢ ᠬᠦᠴᠢᠷᠲᠡᠯᠲᠡᠢ ᠰᠤᠷᠤᠭᠴᠢ ᠪᠠ ᠬᠦᠲᠡᠭᠡ ᠤᠷᠤᠨ ᠨᠤᠲᠤᠭ ᠤᠨ ᠲᠤᠤᠷ᠎ᠠ ᠪᠠᠲᠤᠯᠠᠭᠠᠲᠤ ᠡᠷᠦᠬᠡ ᠶᠢᠨ ᠰᠤᠷᠤᠭᠴᠢ ᠶᠢ ᠪᠦᠬᠦᠨ ᠢ ᠬᠠᠮᠤᠷᠤᠭᠤᠯᠬᠤ ᠪᠡᠷ ᠪᠠᠶᠢᠨ᠎ᠠ᠃ ᠰᠡᠬᠦᠯ ᠤᠨ ᠦᠶ᠎ᠠ ᠳ᠋ᠤ ᠪᠦᠬᠦ ᠤᠷᠤᠨ ᠤ ᠬᠦᠲᠡᠭᠡ ᠤᠷᠤᠨ ᠨᠤᠲᠤᠭ ᠲᠤ 4408 ᠬᠤᠤᠰ ᠬᠡᠯᠡᠨ ᠤ ᠬᠡᠦᠬᠡᠳ ᠤᠨ ᠴᠡᠴᠡᠷᠯᠢᠭ᠌᠌ ᠢ ᠰᠢᠨ᠎ᠡ ᠪᠡᠷ ᠪᠠᠶᠢᠭᠤᠯᠬᠤ ᠪᠤᠶᠤ ᠰᠡᠯᠪᠢᠨ ᠰᠢᠨᠡᠳᠭᠡᠭᠡᠳ ᠤᠲᠤᠬᠠᠨ ᠳ᠋ᠤ ᠪᠦᠬᠦᠨ ᠶᠢᠡᠷ ᠶᠢᠡᠨ ᠠᠰᠢᠭᠯᠠᠯᠲᠠ ᠳ᠋ᠤ ᠤᠷᠤᠪᠠ᠃ ᠬᠦᠲᠡᠭᠡ ᠤᠷᠤᠨ ᠨᠤᠲᠤᠭ ᠤᠨ ᠵᠠᠭᠤᠨ ᠲᠦᠮᠨ ᠭᠠᠷᠤᠢ ᠬᠡᠦᠬᠡᠳ ᠲᠦᠯᠦᠪᠦᠷᠢ ᠦᠭᠡᠢ ᠬᠤᠤᠰ ᠬᠡᠯᠡᠨ ᠤ ᠰᠤᠷᠭᠠᠨ ᠬᠦᠮᠦᠵᠢᠯ ᠬᠦᠷᠲᠡᠵᠦ᠂ ᠰᠢᠨᠵᠢᠶᠠᠩ ᠤᠨ 15 ᠵᠢᠯ ᠤᠨ ᠲᠦᠯᠦᠪᠦᠷᠢ ᠦᠭᠡᠢ ᠰᠤᠷᠭᠠᠨ ᠬᠦᠮᠦᠵᠢᠯ ᠲᠦᠭᠡᠮᠡᠯᠵᠢᠬᠦ ᠶᠢ ᠪᠡᠶᠡᠯᠡᠬᠦᠯᠬᠦ ᠳ᠋ᠤ ᠰᠠᠭᠤᠷᠢ ᠲᠠᠯᠪᠢᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121999044