蒙古文网站Logo
ᠰᠢᠨᠬᠤᠸᠠ ᠮᠤᠩᠭ᠋ᠤᠯ ᠨᠧᠲ

ᠤᠷᠤᠨ ᠳᠠᠶᠭᠠᠷ ᠤᠨ ᠶᠡᠬᠡ ᠲᠡᠭᠡᠲᠤ ᠰᠤᠷᠭᠠᠭᠤᠯᠢ ᠶᠢᠨ ᠲᠡᠭᠦᠰᠦᠭᠰᠡᠨ ᠤᠶᠤᠳᠠᠳ ᠲᠤ ᠠᠵᠢᠯ ᠤᠯᠭᠤᠬᠤ ᠦᠢᠯᠡᠴᠢᠯᠡᠭᠡᠨ ᠤ ᠰᠤᠷᠭᠠᠭᠤᠯᠢ ᠶᠢᠨ ᠬᠦᠷᠢᠶᠡᠨ ᠳ᠋ᠡᠬᠢ ᠠᠵᠢᠯᠯᠠᠭ᠎ᠠ ᠡᠬᠢᠯᠡᠪᠡ

2017-11-27 16:59

    11 ᠰᠠᠷ᠎ᠠ ᠶᠢᠨ 25 ᠤ ᠡᠳᠦᠷ᠂ ᠤᠷᠤᠨ ᠳᠠᠶᠠᠭᠠᠷ ᠤᠨ ᠶᠡᠬᠡ ᠲᠡᠭᠡᠲᠤ ᠰᠤᠷᠭᠠᠭᠤᠯᠢ ᠶᠢᠨ ᠲᠡᠭᠦᠰᠦᠭᠰᠡᠨ ᠤᠶᠤᠳᠠᠳ ᠲᠤ ᠠᠵᠢᠯ ᠤᠯᠭᠤᠬᠤ ᠦᠢᠯᠡᠴᠢᠯᠡᠭᠡᠨ ᠤ ᠰᠤᠷᠭᠠᠭᠤᠯᠢ ᠶᠢᠨ ᠬᠦᠷᠢᠶᠡᠨ ᠳ᠋ᠡᠬᠢ ᠠᠵᠢᠯᠯᠠᠭ᠎ᠠ 12 ᠠᠶᠢᠮᠠᠭ ᠬᠤᠲᠠ ᠪᠤᠯᠤᠨ ᠮᠠᠨᠵᠤᠤᠷ᠂ ᠡᠷᠢᠶᠡᠨ ᠳᠤ ᠵᠡᠷᠭᠡᠪᠡᠷ ᠶᠠᠪᠤᠭᠳᠠᠪᠠ᠃ ᠤᠷᠤᠨ ᠳᠠᠶᠠᠭᠠᠷ ᠤᠨ ᠠᠵᠢᠯᠲᠠᠨ ᠬᠡᠷᠡᠭᠰᠡᠬᠦ 1.1 ᠲᠦᠮᠡᠨ ᠪᠠᠶᠢᠭᠤᠯᠤᠯᠭ᠎ᠠ 2.6 ᠲᠦᠮᠡᠨ ᠠᠵᠢᠯ ᠤᠨ ᠪᠠᠶᠢᠷᠢ ᠬᠠᠩᠭ᠋ᠠᠪᠠ᠃

    ᠲᠤᠰ ᠤᠳᠠᠭᠠᠨ ᠤ ᠠᠵᠢᠯᠯᠠᠭ᠎ᠠ ᠨᠢ《ᠪᠦᠬᠦ ᠲᠠᠯ᠎ᠠ ᠪᠡᠷ ᠤᠨᠢᠨ ᠳᠡᠭᠡᠷ᠎ᠠ ᠨᠢ ᠦᠢᠯᠡᠴᠢᠯᠡᠵᠤ᠂ ᠤᠯᠠᠨ ᠠᠷᠭ᠎ᠠ ᠵᠠᠮ ᠢᠶᠡᠷ ᠠᠵᠢᠯ ᠤᠯᠭᠤᠯᠲᠠ ᠶᠢ ᠠᠬᠢᠭᠤᠯᠬᠤ》 ᠪᠡᠷ ᠭᠤᠤᠯ ᠰᠡᠳᠦᠪ ᠢᠶᠡᠨ ᠪᠤᠯᠭᠠᠵᠤ᠂ 2018 ᠤᠨ ᠳᠤ ᠳᠡᠭᠦᠰᠬᠦ ᠤᠶᠤᠲᠠᠳ᠂ ᠨᠢᠭᠡᠨᠲᠡ ᠲᠡᠭᠦᠰᠦᠭᠡᠳ ᠠᠵᠢᠯ ᠤᠯᠤᠭᠠᠳᠤᠢ ᠤᠶᠤᠲᠠᠳ ᠪᠤᠯᠤᠨ ᠦᠨᠳᠦᠰᠦᠨ ᠱᠠᠲᠤᠨ ᠳᠤ ᠦᠢᠯᠡᠴᠢᠯᠡᠬᠦ ᠬᠤᠭᠤᠴᠠᠭ᠎ᠠ ᠨᠢ ᠲᠦᠭᠦᠷᠡᠭᠡᠳ ᠠᠵᠢᠯ ᠤᠯᠤᠭᠠᠳᠤᠢ ᠤᠶᠤᠲᠠᠳ ᠲᠤ ᠵᠤᠷᠢᠭᠤᠯᠤᠨ᠂ ᠵᠠᠬ᠎ᠠ ᠵᠡᠭᠡᠯᠢ ᠪᠤᠯᠤᠨ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠦᠢᠯᠡᠳᠦᠯ ᠢ ᠬᠦᠢᠴᠡᠳ ᠪᠠᠳᠠᠷᠠᠭᠤᠯᠵᠤ ᠶᠡᠬᠡ ᠲᠡᠭᠡᠲᠤ ᠰᠤᠷᠭᠠᠭᠤᠯᠢ ᠶᠢᠨ ᠲᠡᠭᠦᠰᠦᠭᠰᠡᠨ ᠤᠶᠤᠲᠠᠳ ᠵᠢᠴᠢ ᠠᠵᠢᠯᠲᠠᠨ ᠬᠡᠷᠡᠭᠰᠡᠬᠦ ᠡᠯ᠎ᠡ ᠪᠠᠶᠢᠭᠤᠯᠤᠯᠭ᠎ᠠ ᠶᠢᠨ ᠬᠠᠩᠭ᠋ᠠᠯᠭ᠎ᠠ ᠬᠡᠷᠡᠭᠴᠡᠭᠡ ᠶᠢ ᠵᠤᠯᠭᠠᠭᠤᠯᠬᠤ ᠶᠢ ᠠᠬᠢᠭᠤᠯᠤᠨ᠂ ᠴᠢᠳᠠᠪᠤᠷᠢᠲᠠᠨ ᠤ ᠡᠬᠢ ᠪᠠᠶᠠᠯᠢᠭ ᠤᠨ ᠵᠤᠬᠢᠰᠲᠠᠢ ᠡᠷᠭᠢᠯᠲᠠ ᠵᠢᠴᠢ ᠢᠳᠡᠪᠬᠢᠲᠠᠢ ᠲᠤᠬᠢᠷᠠᠭᠤᠯᠤᠯᠲᠠ ᠶᠢ ᠪᠡᠶᠡᠯᠡᠭᠦᠯᠵᠤ᠂ ᠲᠡᠭᠦᠰᠦᠭᠰᠡᠨ ᠤᠶᠤᠲᠠᠳ ᠢ ᠬᠠᠪᠰᠤᠷᠤᠨ ᠵᠢᠯᠤᠭᠤᠳᠴᠤ ᠨᠡᠩ ᠴᠢᠨᠠᠷᠯᠢᠭ ᠬᠢᠭᠡᠳ ᠨᠡᠩ ᠬᠦᠢᠴᠡᠳ ᠠᠵᠢᠯ ᠤᠯᠭᠤᠯᠲᠠ ᠶᠢ ᠪᠡᠶᠡᠯᠡᠭᠦᠯᠬᠦ ᠪᠡᠷ ᠪᠤᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122018247