蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ 2017 ᠤᠨ ᠳ᠋ᠤ ᠰᠢᠨ᠎ᠡ ᠪᠡᠷ ᠰᠤᠩᠭ᠋ᠤᠭᠲᠠᠭᠰᠠᠨ ᠠᠺᠠᠳᠧᠮᠢᠴᠢᠳ ᠢ ᠵᠠᠷᠯᠠᠪᠠ

2017-11-28 17:02

    ᠰᠢᠨᠬᠤᠧᠠ ᠨᠧᠲ   ᠪᠡᠭᠡᠵᠢᠩ ᠤᠨ 11 ᠰᠠᠷ᠎ᠠ ᠶᠢᠨ 28 ᠤ ᠡᠲᠦᠷ ᠤᠨ ᠴᠠᠬᠢᠯᠭᠠᠨ ᠮᠡᠲᠡᠭᠡ   ᠬᠤᠶᠠᠷ ᠵᠢᠯ ᠳ᠋ᠤ ᠨᠢᠭᠡ ᠲᠤᠬᠢᠶᠠᠬᠤ ᠠᠺᠠᠳᠧᠮᠢᠴᠢ ᠶᠢᠨ ᠰᠤᠩᠭ᠋ᠤᠯᠲᠠ ᠶᠢᠨ ᠳ᠋ᠦᠩ ᠢ ᠵᠠᠷᠯᠠᠯ᠎ᠠ᠃ ᠡᠨᠡ ᠤᠨ ᠳ᠋ᠤ ᠲᠤᠮᠲᠠᠲᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠠᠺᠠᠳᠧᠮᠢᠴᠢ ᠪᠡᠷ 61 ᠬᠦᠮᠦᠨ ᠰᠢᠨ᠎ᠡ ᠪᠡᠷ ᠰᠤᠩᠭ᠋ᠤᠭᠲᠠᠪᠠ᠃ ᠰᠢᠨ᠎ᠡ ᠪᠡᠷ ᠰᠤᠩᠭ᠋ᠤᠭᠲᠠᠭᠰᠠᠨ ᠠᠺᠠᠳᠧᠮᠢᠴᠢ ᠶᠢᠨ ᠲᠡᠭᠰᠢᠳᠬᠡᠭ᠍ᠰᠡᠨ ᠨᠠᠰᠤ 54.1 ᠂ ᠬᠠᠮᠤᠭ ᠤᠨ ᠪᠠᠭ᠎ᠠ ᠨᠢ 46 ᠨᠠᠰᠤᠲᠠᠢ᠂ ᠬᠠᠮᠤᠭ ᠤᠨ ᠶᠡᠬᠡ ᠨᠢ 67 ᠨᠠᠰᠤᠲᠠᠢ᠂ 60 ᠨᠠᠰᠤᠨ ᠡᠴᠡ ᠲᠤᠷᠤᠭᠰᠢᠬᠢ ᠨᠢ 91.8% ᠶ᠋ᠢ ᠡᠵᠡᠯᠡᠵᠦ᠂ 3 ᠡᠮᠡᠭᠲᠡᠢ ᠠᠺᠠᠳᠧᠮᠢᠴᠢ ᠪᠠᠭᠳᠠᠵᠠᠢ᠃ ᠮᠦᠨ ᠡᠭᠦᠨ ᠡᠴᠡ ᠭᠠᠲᠠᠨ᠎ᠠ 16 ᠭᠠᠲᠠᠭᠠᠲᠤ ᠶᠢᠨ ᠡᠷᠲᠡᠮᠲᠡᠨ ᠲᠤᠮᠲᠠᠲᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠠᠺᠠᠳᠧᠮᠢᠴᠢ ᠪᠡᠷ ᠰᠤᠩᠭ᠋ᠤᠭᠲᠠᠪᠠ᠂ ᠡᠭᠦᠨ ᠳ᠋ᠤ ᠨᠤᠪᠧᠯ ᠤᠨ ᠱᠠᠩᠨᠠᠯ ᠬᠦᠷᠲᠡᠭᠰᠡᠳ 2 ᠪᠠᠶᠢᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122024336