蒙古文网站Logo
ᠰᠢᠨᠬᠤᠸᠠ ᠮᠤᠩᠭ᠋ᠤᠯ ᠨᠧᠲ

ᠶᠡᠬᠡ ᠲᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠭᠤᠯᠲᠠ ᠳ᠋ᠤ ᠦᠢᠯᠡᠴᠢᠯᠡᠬᠦ ᠭᠠᠷᠠᠭ ᠡᠬᠢᠯᠡᠪᠡ

2017-11-28 17:14

    11 ᠰᠠᠷ᠎ᠠ ᠶᠢᠨ 27 ᠤ ᠡᠲᠦᠷ ᠡᠴᠡ 12 ᠰᠠᠷ᠎ ᠶᠢᠨ 10 ᠤ ᠡᠲᠦᠷ ᠪᠤᠯᠲᠠᠯ᠎ᠠ ᠪᠤᠯᠪᠠᠰᠤᠨ ᠬᠦᠴᠦᠨ ᠤ ᠶᠠᠮᠤᠨ ᠡᠴᠡ ᠵᠤᠬᠢᠶᠠᠨ ᠪᠠᠶᠢᠭᠤᠯᠬᠤ 2017 ᠤᠨ ᠤ ᠤᠯᠤᠰ ᠲᠠᠶᠠᠭᠠᠷ ᠤᠨ ᠪᠤᠯᠪᠠᠰᠤᠨ ᠬᠦᠴᠦᠨ ᠤ ᠵᠠᠬ᠎ᠠ ᠶᠢᠨ ᠶᠡᠬᠡ ᠲᠡᠭᠡᠳᠦ ᠰᠤᠷᠭᠠᠭᠤᠯᠢ  ᠲᠡᠭᠦᠰᠦᠭᠰᠡᠳ ᠤᠨ ᠠᠵᠢᠯ ᠤᠯᠭᠤᠯᠲᠠ ᠳ᠋ᠤ ᠦᠢᠯᠡᠴᠢᠯᠡᠬᠦ ᠭᠠᠷᠠᠭ ᠤᠨ ᠠᠵᠢᠯᠯᠠᠭ᠎ᠠ ᠶᠠᠪᠤᠭᠲᠠᠨ᠎ᠠ᠃ ᠡᠨᠡᠬᠦ ᠠᠵᠢᠯᠯᠠᠭ᠎ᠠ ᠨᠢ ᠪᠤᠯᠪᠠᠰᠤᠨ ᠬᠦᠴᠦᠨ ᠤ ᠶᠠᠮᠤᠨ ᠡᠴᠡ ᠤᠯᠤᠰ ᠲᠠᠶᠠᠭᠠᠷ ᠤᠨ ᠬᠡᠪᠴᠢᠶᠠᠨ ᠳ᠋ᠤ ᠨᠢᠭᠡᠲᠦᠯᠲᠡᠢ ᠵᠤᠬᠢᠶᠨᠨ ᠪᠠᠶᠢᠭᠤᠯᠤᠨ ᠶᠠᠪᠤᠭᠲᠠᠭᠤᠯᠵᠤ ᠪᠦᠬᠦᠢ ᠶᠡᠬᠡ ᠲᠡᠭᠡᠳᠦ ᠰᠤᠷᠭᠠᠭᠤᠯᠢ  ᠲᠡᠭᠦᠰᠦᠭᠰᠡᠨ ᠤᠶᠤᠲᠠᠳ ᠤᠨ ᠠᠵᠢᠯ ᠤᠯᠭᠤᠯᠲᠠ ᠳ᠋ᠤ ᠦᠢᠯᠡᠴᠢᠯᠡᠵᠦ ᠪᠠᠶᠢᠭ᠎ᠠ ᠲᠤᠰᠬᠠᠢ ᠠᠵᠢᠯᠯᠠᠭ᠎ᠠ ᠪᠤᠯᠬᠤ ᠶᠤᠮ᠃ 2003 ᠤᠨ ᠡᠴᠡ ᠡᠬᠢᠯᠡᠨ ᠤᠲᠤ ᠪᠤᠯᠲᠠᠯ᠎ᠠ ᠨᠢᠭᠡᠨᠲᠡ ᠠᠷᠪᠠᠨ ᠲᠦᠷᠪᠡᠨ ᠬᠤᠭᠤᠴᠠᠭ᠎ᠠ ᠠᠮᠵᠢᠯᠲᠠ ᠲᠠᠢ ᠵᠤᠬᠢᠶᠠᠨ ᠪᠠᠶᠢᠭᠤᠯᠵᠤ᠂ ᠡᠨᠡ ᠤᠨ ᠳ᠋ᠤ ᠠᠷᠪᠠᠨ ᠲᠠᠪᠤᠲᠡᠬᠢ ᠤᠲᠠᠭ᠎ᠠ ᠪᠠᠨ ᠵᠤᠬᠢᠶᠠᠨ ᠪᠠᠶᠢᠭᠤᠯᠵᠤ ᠪᠠᠶᠢᠭ᠎ᠠ ᠨᠢ ᠡᠨᠡ ᠪᠢᠯᠡ᠃

    ᠠᠵᠢᠯᠯᠠᠭᠠᠨ ᠤ ᠬᠤᠭᠤᠴᠠᠭᠠᠨ ᠳ᠋ᠤ ᠡᠯ᠎ᠡ ᠭᠠᠵᠠᠷ ᠤᠨ ᠪᠤᠯᠪᠠᠰᠤᠨ ᠬᠦᠴᠦᠨ ᠤ ᠰᠠᠯᠠᠭ᠎ᠠ ᠮᠦᠴᠢᠷ ᠤᠨ ᠬᠢᠨ ᠲᠤᠰ ᠤᠷᠤᠨ ᠪᠦᠰᠡ ᠶᠢᠨ ᠨᠡᠶᠢᠲᠡ ᠶᠢᠨ ᠠᠵᠢᠯ ᠤᠯᠭᠤᠯᠲᠠ᠂ ᠪᠤᠯᠪᠠᠰᠤᠨ ᠬᠦᠴᠦᠨ ᠤ ᠵᠤᠬᠢᠶᠠᠨ ᠪᠠᠶᠢᠭᠤᠯᠤᠯᠲᠠ ᠵᠡᠷᠭᠡ ᠲᠠᠢ ᠬᠠᠮᠲᠤᠷᠠᠨ ᠢᠨᠲ᠋ᠧᠷᠨᠧᠲ ᠶᠢᠡᠷ ᠠᠵᠢᠯᠲᠠᠨ ᠤᠷᠢᠬᠤ ᠴᠤᠭᠯᠠᠭᠠᠨ᠂ ᠭᠠᠵᠠᠷ ᠲᠡᠭᠡᠷ᠎ᠡ ᠨᠢ ᠠᠵᠢᠯᠲᠠᠨ ᠤᠷᠢᠬᠤ ᠴᠤᠭᠯᠠᠭᠠᠨ᠂ ᠠᠵᠢᠯ ᠤᠯᠭᠤᠯᠲᠠ ᠶᠢᠨ ᠵᠢᠯᠤᠭᠤᠲᠤᠮᠵᠢ᠂ ᠪᠤᠯᠪᠠᠰᠤᠨ ᠬᠦᠴᠦᠨ ᠤ ᠠᠵᠤ ᠦᠢᠯᠡᠰ ᠤᠨ ᠲᠤᠰᠬᠠᠢ ᠴᠤᠭᠯᠠᠭᠠᠨ᠂ ᠠᠵᠢᠯ ᠤᠯᠭᠤᠯᠲᠠ ᠶᠢᠨ ᠲᠦᠷᠦ ᠶᠢᠨ ᠪᠤᠲᠤᠯᠭ᠎ᠠ ᠶᠢᠨ ᠤᠬᠠᠭᠤᠯᠭ᠎ᠠ᠂ ᠲᠦᠮᠡᠨ ᠠᠵᠤ ᠠᠬᠤᠶᠢᠯᠠᠯ ᠤᠨ ᠪᠤᠯᠪᠠᠰᠤᠨ ᠬᠦᠴᠦᠨ ᠤ ᠵᠠᠬᠢᠷᠤᠯ ᠰᠤᠷᠭᠠᠭᠤᠯᠢ ᠶᠢᠨ ᠬᠦᠷᠢᠶᠡᠨ ᠳ᠋ᠤ ᠤᠷᠤᠬᠤ ᠵᠡᠷᠭᠡ ᠡᠯᠪᠡᠭ᠌ ᠠᠭᠤᠯᠭ᠎ᠠ ᠲᠠᠢ ᠠᠵᠢᠯᠯᠠᠭ᠎ᠠ ᠶᠠᠪᠤᠭᠲᠠᠬᠤ ᠪᠤᠯᠤᠨ᠎ᠠ᠃

    ᠶᠡᠬᠡ ᠲᠡᠭᠡᠳᠦ ᠰᠤᠷᠭᠠᠭᠤᠯᠢ ᠪᠠᠨ ᠲᠡᠭᠦᠰᠦᠭᠰᠡᠳ ᠲᠤᠮᠲᠠᠲᠤ ᠤᠯᠤᠰ ᠤᠨ ᠪᠤᠯᠪᠠᠰᠤᠨ ᠬᠦᠴᠦᠨ ᠤ ᠵᠠᠬ᠎ᠠ ᠶᠢᠨ ᠠᠯᠪᠠᠨ ᠰᠦᠯᠵᠢᠶ᠎ᠠ᠂ ᠲᠤᠮᠲᠠᠲᠤ ᠤᠯᠤᠰ ᠤᠨ ᠤᠯᠠᠨ ᠨᠡᠶᠢᠲᠡ ᠶᠢᠨ ᠡᠯᠰᠡᠯᠲᠡ ᠶᠢᠨ ᠰᠦᠯᠵᠢᠶ᠎ᠠ᠂ ᠲᠤᠮᠲᠠᠲᠤ ᠤᠯᠤᠰ ᠤᠨ ᠴᠢᠲᠠᠪᠤᠷᠢᠲᠠᠨ ᠤ ᠰᠦᠯᠵᠢᠶ᠎ᠠ ᠳ᠋ᠤ ᠭᠠᠷᠴᠤ ᠲᠤᠰᠬᠠᠢ ᠪᠤᠯᠤᠩ ᠢ ᠨᠢ ᠡᠷᠢᠨ ᠠᠵᠢᠯ ᠤᠨ ᠪᠠᠶᠢᠷᠢ ᠬᠠᠶᠢᠵᠤ ᠪᠤᠯᠤᠨ᠎ᠠ᠃

ᠢᠷᠡᠯᠳᠡ᠄ ᠠᠷᠠᠳ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122024354