蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ ᠶᠡᠬᠡ ᠲᠡᠭᠡᠳᠤ ᠰᠤᠷᠭᠠᠭᠤᠯᠢ ᠲᠡᠬᠦᠰᠦᠭᠰᠡᠳ ᠦᠨᠳᠦᠰᠦᠨ ᠱᠠᠳᠤᠨ ᠳᠤ ᠠᠵᠢᠯᠯᠠᠵᠤ ᠦᠢᠯᠡᠰ ᠪᠤᠰᠬᠠᠬᠤ ᠶᠢ ᠲᠡᠮᠵᠢᠨ᠎ᠡ

2017-12-09 14:54

    ᠰᠤᠷᠪᠤᠯᠵᠢᠯᠠᠭᠴᠢ ᠰᠤᠷᠭᠠᠨ ᠬᠦᠮᠦᠵᠢᠯ ᠤᠨ ᠶᠠᠮᠤᠨ ᠡᠴᠡ ᠤᠶᠢᠯᠠᠭᠠᠭᠰᠠᠨ ᠢᠶᠡᠷ᠂ ᠤᠷᠢᠳᠴᠢᠯᠠᠨ ᠲᠤᠭᠠᠴᠠᠭᠠᠯᠠᠭᠰᠠᠨ ᠢᠶᠡᠷ 2018 ᠤᠨ ᠤ ᠤᠯᠤᠰ ᠲᠠᠶᠠᠭᠠᠷ ᠤᠨ ᠡᠩ ᠤᠨ ᠶᠡᠬᠡ ᠲᠡᠭᠡᠳᠤ ᠰᠤᠷᠭᠠᠭᠤᠯᠢ ᠶᠢᠨ ᠲᠡᠬᠦᠰᠬᠦ ᠤᠶᠤᠳᠠᠨ 820 ᠲᠦᠮᠡ ᠳᠤ ᠬᠦᠷᠴᠦ᠂ ᠠᠵᠢᠯ ᠤᠯᠵᠤ ᠦᠢᠯᠡᠰ ᠪᠤᠰᠬᠠᠬᠤ ᠳᠤ ᠪᠤᠳᠤᠯᠢᠶᠠᠨᠳᠠᠢ ᠪᠦᠭᠡᠳ ᠪᠠᠶᠢᠳᠠᠯ ᠬᠡᠴᠡᠬᠦᠳᠡᠵᠤ ᠪᠠᠶᠢᠨ᠎ᠠ᠃ 12 ᠰᠠᠷ᠎ᠠ ᠶᠢᠨ 6 ᠤ ᠡᠳᠤᠷ᠂ 2018 ᠤᠨ ᠤ ᠤᠯᠤᠰ ᠲᠠᠶᠠᠭᠠᠷ ᠤᠨ ᠡᠩ ᠤᠨ ᠶᠡᠬᠡ ᠲᠡᠭᠡᠳᠤ ᠰᠤᠷᠭᠠᠭᠤᠯᠢ ᠲᠡᠬᠦᠰᠦᠭᠰᠡᠳ ᠤᠨ ᠠᠵᠢᠯ ᠤᠯᠬᠤ ᠦᠢᠯᠡᠰ ᠪᠤᠰᠬᠠᠬᠤ ᠠᠵᠢᠯ ᠤᠨ ᠸᠢᠳᠢᠣ᠋ ᠬᠤᠷᠠᠯ ᠳᠤ᠂ ᠰᠤᠷᠭᠠᠨ ᠬᠦᠮᠦᠵᠢᠯ ᠤᠨ ᠶᠠᠮᠤᠨ ᠤ ᠨᠠᠮ ᠤᠨ ᠲᠤᠭᠤᠶᠢᠯᠠᠩ ᠤᠨ ᠬᠡᠰᠢᠬᠦᠨ᠂ ᠶᠠᠮᠤᠨ ᠤ ᠲᠡᠳ᠋ ᠲᠠᠷᠤᠭ᠎ᠠ ᠯᠢᠨ ᠾᠦᠢ ᠴᠢᠩ 5 ᠲᠦᠷᠦᠯ ᠤᠨ ᠠᠵᠢᠯ ᠢ ᠰᠠᠶᠢᠳᠤᠷ ᠬᠢᠬᠦ ᠬᠡᠷᠡᠭᠲᠡᠢ ᠬᠡᠵᠤ ᠴᠢᠬᠤᠯᠠᠴᠢᠯᠠᠵᠠᠢ᠃

    ᠨᠢᠬᠡ᠂ ᠦᠨᠳᠦᠰᠦᠨ ᠱᠠᠳᠤᠨ ᠳᠤ ᠠᠵᠢᠯᠯᠠᠵᠤ ᠦᠢᠯᠡᠰ ᠪᠤᠰᠬᠠᠬᠤ ᠶᠢ ᠢᠳᠡᠪᠬᠢᠲᠡᠢ ᠤᠳᠤᠷᠢᠳᠤᠨ᠎ᠠ᠃

    ᠬᠤᠶᠠᠷ᠂ ᠤᠯᠤᠰ ᠤᠨ ᠱᠠᠭᠠᠷᠳᠠᠯᠭ᠎ᠠ ᠳᠤ ᠨᠡᠶᠢᠴᠡᠬᠦᠯᠦᠨ᠂ ᠲᠡᠬᠦᠰᠦᠭᠰᠡᠳ ᠢ ᠲᠡᠭᠡᠳᠤ ᠰᠢᠨ᠎ᠡ ᠲᠧᠭᠨᠤᠯᠤᠬᠢ ᠶᠢᠨ ᠠᠵᠤ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠡᠷ ᠬᠦᠭ᠍ᠵᠢᠭᠰᠡᠨ ᠠᠵᠤ ᠦᠢᠯᠡᠰ ᠵᠡᠷᠬᠡ ᠬᠦᠷᠢᠢ᠎ᠠ ᠴᠠᠷᠠᠭᠠᠨ ᠳᠤ ᠠᠵᠢᠯᠯᠠᠵᠤ ᠦᠢᠯᠡᠰ ᠪᠤᠰᠬᠠᠬᠤ ᠶᠢ ᠨᠢ ᠵᠢᠯᠤᠭᠤᠳᠤᠨ᠎ᠠ᠃

    ᠭᠤᠷᠪᠠ᠂ ᠰᠢᠨ᠎ᠡ ᠶᠢ ᠡᠬᠦᠳᠬᠦ ᠦᠢᠯᠡᠰ ᠪᠤᠰᠬᠠᠬᠤ《ᠰᠢᠨ᠎ᠡ ᠡᠷᠴᠢᠮ ᠬᠦᠴᠦ》 ᠶ᠋ᠢ ᠨᠢᠭᠡᠳᠭᠡᠨ᠂ ᠤᠶᠤᠳᠠᠳ ᠲᠤ ᠰᠢᠨ᠎᠎ᠡ ᠶᠢ ᠡᠬᠦᠳᠬᠦ ᠦᠢᠯᠡᠰ ᠪᠤᠰᠬᠠᠬᠤ ᠲᠠᠯᠠᠪᠤᠷ᠂ ᠬᠦᠷᠦᠩᠬᠡ ᠮᠦᠩᠬᠦ᠂ ᠦᠢᠯᠡᠴᠢᠯᠡᠬᠡ ᠵᠡᠷᠬᠡ ᠲᠠᠯ᠎ᠠ  ᠪᠡᠷ ᠲᠤᠰᠠᠯᠠᠬᠤ ᠬᠦᠴᠦᠨ ᠢᠶᠡᠨ ᠴᠢᠩᠭ᠋ᠠᠳᠬᠠᠨ᠎ᠠ᠃

    ᠲᠦᠷᠪᠡ᠂ ᠨᠢᠬᠡᠳᠤᠯᠲᠡᠢ ᠲᠦᠯᠦᠪᠵᠢᠬᠦᠯᠦᠨ᠂ ᠨᠡᠶᠢᠬᠡᠮ ᠤᠨ ᠡᠬᠢ ᠪᠠᠶᠠᠯᠢᠭ ᠶᠢ ᠠᠰᠢᠭᠯᠠᠵᠤ ᠠᠵᠢᠯᠯᠠᠭ᠎ᠠ ᠦᠷᠨᠢᠬᠦᠯᠦᠨ ᠬᠦᠮᠦᠨ ᠬᠦᠮᠦᠵᠢᠬᠦᠯᠤᠨ᠎ᠠ᠃

    ᠲᠠᠪᠤ᠂ ᠦᠢᠯᠡᠴᠢᠯᠡᠬᠡᠨ ᠤ ᠪᠠᠳᠤᠯᠠᠭ᠎ᠠ ᠶᠢᠨ《ᠰᠢᠨ᠎ᠡ ᠲᠤᠭᠳᠠᠯᠴᠠᠭ᠎ᠠ》 ᠶ᠋ᠢ ᠪᠠᠶᠢᠭᠤᠯᠵᠤ᠂ 《ᠢᠨᠲ᠋ᠧᠷᠨᠧᠲ+ ᠠᠵᠢᠯ ᠤᠯᠬᠤ》ᠰᠢᠨ᠎ᠡ ᠵᠠᠭᠪᠤᠷ ᠢ ᠦᠷᠬᠡᠨ ᠬᠡᠷᠡᠭᠯᠡᠵᠤ᠂ ᠤᠨᠢᠨ ᠲᠡᠬᠡᠷ᠎ᠡ  ᠨᠢ ᠠᠵᠢᠯ ᠤᠯᠭᠤᠬᠤ ᠬᠤᠯᠪᠤᠭᠠᠰᠤ ᠶᠢ ᠪᠤᠢ ᠪᠤᠯᠭᠠᠨ᠎ᠠ᠃

ᠢᠷᠡᠯᠳᠡ᠄ ᠠᠷᠠᠳ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122084248