蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠬᠤᠶᠠᠳᠤᠭᠠᠷ ᠤᠳᠠᠭᠠᠨ ᠤ ᠶᠡᠬᠡ ᠳᠡᠭᠡᠲᠤ ᠰᠤᠷᠭᠠᠭᠤᠯᠢ ᠶᠢᠨ ᠮᠣᠩᠭᠣᠯ ᠢᠶᠡᠷ ᠬᠢᠴᠢᠶᠡᠯᠯᠡᠭᠰᠡᠨ ᠲᠡᠭᠦᠰᠬᠦ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠴᠢᠳᠠᠪᠤᠷᠢᠲᠠᠨ ᠡᠯᠰᠡᠬᠦ ᠠᠵᠢᠯᠯᠠᠭ᠎ᠠ ᠶᠠᠪᠤᠭᠳᠠᠪᠠ

2017-12-11 17:40

    ᠰᠢᠨᠬᠤᠸᠠ ᠮᠣᠩᠭᠣᠯ ᠨᠧᠲ   ᠬᠦᠬᠡᠬᠤᠲᠠ ᠶᠢᠨ 12 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ (ᠬᠡᠤᠬᠡᠨᠰᠤᠯᠢ) ᠦᠪᠦᠷ ᠮᠣᠩᠭᠣᠯ ᠤᠨ ᠬᠤᠶᠠᠳᠤᠭᠠᠷ ᠤᠳᠠᠭᠠᠨ ᠤ ᠶᠡᠬᠡ ᠳᠡᠭᠡᠲᠤ ᠰᠤᠷᠭᠠᠭᠤᠯᠢ ᠶᠢᠨ ᠮᠣᠩᠭᠣᠯ ᠢᠶᠡᠷ ᠬᠢᠴᠢᠶᠡᠯᠯᠡᠭᠰᠡᠨ ᠲᠡᠭᠦᠰᠬᠦ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠴᠢᠳᠠᠪᠤᠷᠢᠲᠠᠨ ᠡᠯᠰᠡᠬᠦ ᠠᠵᠢᠯᠯᠠᠭ᠎ᠠ 9 ᠤ ᠡᠳᠦᠷ ᠬᠦᠬᠡᠬᠤᠲᠠ ᠦᠨᠳᠦᠰᠤᠲᠡᠨ ᠤ ᠲᠡᠭᠡᠲᠤ ᠰᠤᠷᠭᠠᠭᠤᠯᠢ ᠳᠤ ᠶᠠᠪᠤᠭᠳᠠᠪᠠ᠃

    ᠲᠤᠰ ᠤᠳᠠᠭᠠᠨ ᠤ ᠠᠵᠢᠯᠯᠠᠭ᠎ᠠ ᠨᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎᠎ᠠ ᠵᠠᠰᠠᠭ ᠤᠨ ᠤᠷᠳᠤᠨ ᠤ ᠶᠡᠬᠡ ᠲᠡᠭᠡᠲᠤ ᠰᠤᠷᠭᠠᠭᠤᠯᠢ ᠶᠢᠨ ᠲᠡᠭᠦᠰᠬᠦ ᠤᠶᠤᠲᠠᠳ ᠲᠤ ᠠᠵᠢᠯ ᠤᠯᠭᠤᠬᠤ ᠠᠵᠢᠯ ᠤᠨ ᠪᠠᠶᠢᠷᠢᠰᠢᠭᠤᠯᠤᠯᠲᠠ ᠪᠡ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠣᠩᠭᠣᠯ ᠢᠶᠡᠷ ᠬᠢᠴᠢᠶᠡᠯᠯᠡᠭᠰᠡᠨ ᠲᠡᠭᠦᠰᠬᠦ ᠤᠶᠤᠲᠠᠳ ᠵᠢᠴᠢ ᠴᠢᠳᠠᠪᠤᠷᠢᠲᠠᠨ ᠡᠯᠰᠡᠬᠦ ᠪᠠᠶᠢᠭᠤᠯᠤᠯᠭ᠎ᠠ ᠶᠢᠨ ᠬᠤᠤᠰ ᠴᠢᠭᠯᠡᠯ ᠤᠨ ᠰᠤᠩᠭ᠋᠋ᠤᠯᠲᠠ ᠶᠢᠨ ᠲᠠᠪᠴᠠᠩ ᠢ ᠢᠳᠡᠪᠬᠢᠲᠠᠢ ᠪᠠᠶᠢᠭᠤᠯᠵᠤ᠂ 2018 ᠤᠨ ᠳᠤ ᠲᠡᠭᠦᠰᠬᠦ ᠮᠣᠩᠭᠣᠯ ᠢᠶᠡᠷ ᠬᠢᠴᠢᠶᠡᠯᠯᠡᠭᠰᠡᠨ ᠤᠶᠤᠲᠠᠳ ᠤᠨ ᠬᠦᠢᠴᠡᠳ᠂ ᠴᠢᠨᠠᠷᠯᠢᠭ ᠠᠵᠢᠯ ᠤᠯᠭᠤᠯᠲᠠ ᠶᠢ ᠪᠦᠬᠦ ᠬᠦᠴᠦᠨ ᠢᠶᠡᠷ ᠲᠦᠯᠬᠢᠨ ᠠᠬᠢᠭᠤᠯᠬᠤ ᠶᠢ ᠵᠤᠷᠢᠵᠠᠢ᠃

    ᠲᠤᠰ ᠤᠳᠠᠭᠠᠨ ᠤ ᠠᠵᠢᠯᠯᠠᠭ᠎ ᠠ ᠶᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠶᠡᠬᠡ ᠲᠡᠭᠡᠲᠤ ᠰᠤᠷᠭᠠᠭᠤᠯᠢ ᠶᠢᠨ ᠲᠡᠭᠦᠰᠬᠦ ᠤᠶᠤᠲᠠᠳ ᠤᠨ ᠠᠵᠢᠯ ᠤᠯᠭᠤᠯᠲᠠ ᠶᠢ ᠵᠢᠯᠤᠭᠤᠳᠬᠤ ᠲᠦᠪ ᠪᠤᠯᠤᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠭᠡᠴᠡ ᠨᠡᠶᠢᠲᠡ ᠶᠢᠨ ᠦᠢᠯᠡᠴᠢᠯᠡᠭᠡᠨ ᠤ ᠲᠦᠪ ᠡᠴᠡ ᠬᠠᠮᠲᠤᠷᠠᠨ ᠰᠠᠨᠠᠭᠠᠴᠢᠯᠠᠵᠤ᠂ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠵᠤᠬᠢᠶᠠᠨ ᠪᠠᠶᠢᠭᠤᠯᠪᠠ᠃ ᠨᠡᠶᠢᠲᠠ 146 ᠴᠢᠳᠠᠪᠤᠷᠢᠲᠠᠨ ᠡᠯᠰᠡᠬᠦ ᠪᠠᠶᠢᠭᠤᠯᠤᠯᠭ᠎ᠠ ᠡᠴᠡ 6436 ᠠᠵᠢᠯ ᠤᠨ ᠪᠠᠶᠢᠷᠢ ᠬᠠᠩᠭ᠋᠋ᠠᠵᠠᠢ᠃ ᠡᠭᠦᠨ ᠳᠤ᠂ ᠮᠣᠩᠭᠣᠯ ᠢᠶᠡᠷ ᠬᠢᠴᠢᠶᠡᠯᠯᠡᠭᠰᠡᠨ ᠲᠡᠭᠦᠰᠬᠦ ᠤᠶᠤᠲᠠᠳ ᠢ ᠡᠯᠰᠡᠬᠦ ᠠᠵᠢᠯ ᠤᠨ ᠪᠠᠶᠢᠷᠢ ᠪᠦᠬᠦᠶᠢᠯᠡ ᠠᠵᠢᠯ ᠤᠨ ᠪᠠᠶᠢᠷᠢ ᠶᠢᠨ 70% ᠶ᠋ᠢ ᠡᠵᠡᠯᠡᠵᠤ᠂ ᠰᠢᠨᠵᠢᠶᠠᠩ ᠤᠨ ᠺᠡᠱᠭᠠᠷ᠂ ᠬᠤᠲ᠋ᠠᠨ᠂ ᠴᠠᠭᠠᠡᠡᠤᠰᠤᠨ ᠭᠤᠷᠪᠠᠨ ᠪᠦᠰᠡ ᠨᠤᠲᠤᠭ ᠤᠨ ᠰᠤᠷᠭᠠᠨ ᠬᠦᠮᠦᠵᠢᠯ ᠤᠨ ᠰᠠᠯᠠᠭ᠎᠎ᠠ᠎ ᠮᠦᠴᠢᠷ ᠡᠴᠡ 3000 ᠭᠠᠷᠤᠢ ᠠᠵᠢᠯ ᠤᠨ ᠪᠠᠶᠢᠷᠢ ᠬᠠᠩ᠋ᠭᠠᠭᠰᠠᠨ ᠪᠠᠶᠢᠨ᠎ᠠ᠃ ᠨᠡᠶᠢᠲᠡ 2500 ᠭᠠᠷᠤᠢ ᠤᠶᠤᠲᠠᠨ ᠲᠤᠰ ᠤᠳᠠᠭᠠᠨ ᠤ ᠡᠯᠰᠡᠯᠲᠡ ᠶᠢᠨ ᠠᠵᠢᠯᠯᠠᠭ᠎ᠠ ᠳᠤ ᠤᠷᠤᠯᠴᠠᠨ᠂ 1784 ᠬᠠᠨᠳᠤᠯᠭ᠎ᠠ ᠲᠤᠬᠢᠷᠠᠭᠰᠠᠨ ᠬᠦᠮᠦᠨ ᠡᠴᠡ 1435 ᠨᠢ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠤᠶᠤᠲᠠᠨ ᠪᠠᠶᠢᠵᠤ᠂ 712 ᠬᠦᠮᠦᠨ ᠨᠢᠭᠤᠷᠳᠡᠯ ᠰᠢᠯᠭᠠᠯᠲᠠ ᠶᠢᠨ ᠱᠠᠲᠤᠨ ᠳᠤ ᠤᠷᠤᠪᠠ᠃

ᠢᠷᠡᠯᠳᠡ᠄ ᠰᠢᠨᠬᠤᠧᠠ ᠮᠣᠩᠭᠣᠯ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122093396