蒙古文网站Logo
ᠰᠢᠨᠬᠤᠸᠠ ᠮᠤᠩᠭ᠋ᠤᠯ ᠨᠧᠲ

ᠰᠢᠶᠠᠩᠭ᠋ᠠᠩ ᠶᠡᠬᠡ ᠰᠤᠷᠭᠠᠭᠤᠯᠢ ᠳ᠋ᠤ ᠮᠢᠩ ᠴᠢᠩ ᠤᠨ ᠸᠠᠭᠠᠷ ᠡᠳ᠋ᠯᠡᠯ ᠢ ᠲᠡᠯᠭᠡᠨ ᠦᠵᠡᠬᠦᠯᠵᠦ ᠪᠠᠶᠢᠨ᠎ᠠ

2017-12-12 16:23

    12 ᠰᠠᠷ᠎ᠠ ᠶᠢᠨ 9 ᠤ ᠡᠲᠦᠷ ᠰᠢᠶᠠᠩᠭ᠋ᠠᠩ ᠶᠡᠬᠡ ᠰᠤᠷᠭᠠᠭᠤᠯᠢ ᠶᠢᠨ ᠤᠷᠠᠨ ᠵᠢᠷᠤᠭ ᠤᠨ ᠮᠦᠽᠧᠢ ᠳ᠋ᠤ ᠮᠢᠩ ᠴᠢᠩ ᠤᠯᠤᠰ ᠤᠨ ᠸᠠᠭᠠᠷ ᠡᠳ᠋ᠯᠡᠯ ᠤᠨ ᠲᠡᠯᠭᠡᠨ ᠦᠵᠡᠬᠦᠯᠦᠯᠭᠡ ᠪᠤᠯᠪᠠ᠃ ᠡᠨᠡᠬᠦ ᠦᠵᠡᠬᠦᠯᠦᠯᠭᠡ ᠳ᠋ᠤ ᠰᠢᠶᠠᠩᠭ᠋ᠠᠩ ᠶᠡᠬᠡ ᠰᠤᠷᠭᠠᠭᠤᠯᠢ ᠶᠢᠨ ᠮᠦᠽᠧᠢ᠂ ᠰᠢᠩᠭ᠋ᠠᠫᠤᠷ ᠤᠨ ᠠᠽᠢᠶ᠎ᠠ ᠶᠢᠨ ᠪᠤᠯᠪᠠᠰᠤᠨ ᠤ ᠮᠦᠽᠧᠢ ᠵᠢᠴᠢ ᠰᠢᠶᠠᠩᠭ᠋ᠠᠩ ᠤᠨ ᠲᠠᠯᠠᠢ ᠶᠢᠨ ᠬᠡᠷᠡᠭ ᠤᠨ ᠮᠦᠽᠧᠢ ᠳ᠋ᠤ ᠬᠠᠲᠠᠭᠠᠯᠠᠭᠲᠠᠵᠤ ᠪᠠᠶᠢᠭᠰᠠᠨ ᠵᠠᠭᠤ ᠭᠠᠷᠤᠢ ᠬᠤᠪᠤᠷ ᠴᠤᠬᠠᠭ ᠸᠠᠭᠠᠷ ᠡᠳ᠋ᠯᠡᠯ ᠢ ᠲᠡᠯᠭᠡᠪᠡ᠃ ᠦᠵᠡᠬᠦᠯᠦᠯᠭᠡ ᠶᠢᠨ ᠬᠤᠭᠤᠴᠠᠭ᠎ᠠ ᠨᠢ 2018 ᠤᠨ ᠤ 2 ᠰᠠᠷ᠎ᠠ ᠶᠢᠨ 27 ᠤ ᠡᠲᠦᠷ ᠪᠤᠯᠲᠠᠯ᠎ᠠ ᠦᠷᠬᠦᠯᠵᠢᠯᠡᠨ᠎ᠡ᠃ 

    ᠵᠢᠷᠤᠭ ᠪᠤᠯ 12 ᠰᠠᠷ᠎ᠠ ᠶᠢᠨ 10 ᠤ ᠡᠲᠦᠷ᠂ ᠵᠤᠷᠴᠢᠭᠴᠢ ᠡᠴᠡ ᠰᠢᠶᠠᠩᠭ᠋ᠠᠩ ᠶᠡᠬᠡ ᠰᠤᠷᠭᠠᠭᠤᠯᠢ ᠶᠢᠨ ᠤᠷᠠᠨ ᠵᠢᠷᠤᠭ ᠤᠨ ᠮᠦᠽᠧᠢ ᠳ᠋ᠤ ᠲᠡᠯᠭᠡᠨ ᠦᠵᠡᠬᠦᠯᠵᠦ ᠪᠦᠬᠦᠢ ᠮᠢᠩ ᠴᠢᠩ ᠤᠨ ᠸᠠᠭᠠᠷ ᠤᠨ ᠲᠡᠯᠭᠡᠨ ᠦᠵᠡᠬᠦᠯᠦᠯᠭᠡ ᠶᠢ ᠰᠤᠨᠢᠷᠬᠠᠵᠤ ᠪᠠᠶᠢᠭ᠎ᠠ ᠨᠢ᠃ (ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠯᠢ ᠫᠧᠩ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122099095