2018 ᠤᠨ ᠳ᠋ᠤ ᠶᠡᠬᠡ ᠲᠡᠭᠡᠳᠦ ᠰᠤᠷᠭᠠᠭᠤᠯᠢ ᠡᠴᠡ 820 ᠲᠦᠮᠡᠨ ᠤᠶᠤᠳᠠᠨ ᠰᠤᠷᠤᠯᠭ᠎ᠠ ᠲᠡᠭᠦᠰᠦᠨ᠎ᠠ 2017-12-14 16:25

    ᠰᠢᠨᠬᠤᠧᠠ ᠬᠤᠷᠢᠶ᠎ᠠ   ᠪᠡᠭᠡᠵᠢᠩ ᠤᠨ 12 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠬᠤ ᠬᠤᠤ ) ᠰᠤᠷᠪᠤᠯᠵᠢᠯᠠᠭᠴᠢ 6 ᠤ ᠡᠲᠦᠷ ᠰᠤᠷᠭᠠᠨ ᠬᠦᠮᠦᠵᠢᠯ ᠤᠨ ᠶᠠᠮᠤᠨ ᠡᠴᠡ ᠤᠶᠢᠯᠠᠭᠠᠭᠰᠠᠨ ᠶᠢᠡᠷ᠂ 2018 ᠤᠨ ᠳ᠋ᠤ ᠡᠩ ᠤᠨ ᠶᠡᠬᠡ ᠲᠡᠭᠡᠳᠦ ᠰᠤᠷᠭᠠᠭᠤᠯᠢ ᠡᠴᠡ 820 ᠲᠦᠮᠡ ᠤᠷᠴᠢᠮ ᠤᠶᠤᠳᠠᠳ ᠰᠤᠷᠤᠯᠭ᠎ᠠ ᠲᠡᠭᠦᠰᠦᠨ᠎ᠠ᠂ ᠡᠶᠢᠮᠤ ᠡᠴᠡ ᠠᠵᠢᠯ ᠤᠯᠬᠤ ᠦᠢᠯᠡᠰ ᠪᠤᠰᠬᠠᠬᠤ ᠲᠠᠷᠤᠯᠲᠠ ᠬᠡᠴᠡᠬᠦᠦ ᠪᠤᠯᠬᠤ ᠶᠤᠮ ᠪᠠᠶᠢᠨ᠎ᠠ᠃

    ᠲᠤᠭ᠎ᠠ ᠪᠠᠷᠢᠮᠲᠠ ᠳ᠋ᠤ ᠦᠵᠡᠬᠦᠯᠦᠭᠰᠡᠨ ᠶᠢᠡᠷ᠂ 2001 ᠤᠨ ᠡᠴᠡ ᠡᠬᠢᠯᠡᠨ ᠮᠠᠨ ᠤ ᠤᠯᠤᠰ ᠤᠨ ᠡᠩ ᠤᠨ ᠶᠡᠬᠡ ᠲᠡᠭᠡᠳᠦ ᠰᠤᠷᠭᠠᠭᠤᠯᠢ ᠡᠴᠡ ᠲᠡᠭᠦᠰᠦᠭᠰᠡᠨ ᠤᠶᠤᠳᠠᠳ ᠤᠨ ᠲᠤᠭ᠎ᠠ ᠦᠷᠬᠦᠯᠵᠢᠯᠡᠨ ᠨᠡᠮᠡᠭᠲᠡᠵᠦ᠂ 2017 ᠤᠨ ᠳ᠋ᠤ 795 ᠲᠦᠮᠡᠨ ᠤᠶᠤᠳᠠᠨ ᠲᠡᠭᠦᠰᠴᠦ ᠡᠨᠡ ᠨᠢ 2016 ᠤᠨ ᠤ ᠬᠢ ᠡᠴᠡ 30 ᠲᠦᠮᠡ ᠭᠠᠷᠤᠢ ᠢᠯᠡᠬᠦᠦ ᠪᠠᠶᠢᠪᠠ᠃

    ᠰᠡᠬᠦᠯ ᠤᠨ ᠦᠶ᠎ᠠ ᠳ᠋ᠤ ᠬᠤᠷᠠᠯᠲᠤᠭᠰᠠᠨ 2018 ᠤᠨ ᠤ ᠤᠯᠤᠰ ᠲᠠᠶᠠᠭᠠᠷ ᠤᠨ ᠶᠡᠬᠡ ᠲᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ ᠤᠨ ᠠᠵᠢᠯ ᠤᠯᠭᠤᠯᠲᠠ ᠦᠢᠯᠡᠰ ᠪᠤᠰᠬᠠᠬᠤ ᠬᠤᠷᠠᠯ ᠤᠨ ᠦᠶ᠎ᠠ ᠪᠡᠷ ᠰᠤᠷᠭᠠᠨ ᠬᠦᠮᠦᠵᠢᠯ ᠤᠨ ᠶᠠᠮᠤᠨ ᠤ ᠲᠡᠳ᠋ ᠲᠠᠷᠤᠭ᠎ᠠ ᠯᠢᠨ ᠡᠾᠦ᠋ᠢ ᠴᠢᠩ ᠢᠯᠡᠷᠬᠡᠶᠢᠯᠡᠬᠦ ᠳ᠋ᠡᠭᠡᠨ᠂ ᠤᠯᠠᠨ ᠲᠦᠷᠦᠯ ᠤᠨ ᠠᠷᠭ᠎ᠠ ᠵᠠᠮ ᠶᠢᠡᠷ ᠶᠡᠬᠡ ᠲᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ ᠤᠨ ᠠᠵᠢᠯ ᠤᠯᠭᠤᠯᠲᠠ ᠦᠢᠯᠡᠰ ᠪᠤᠰᠬᠠᠬᠤ ᠶᠢ ᠠᠬᠢᠭᠤᠯᠵᠤ᠂ ᠦᠨᠳᠦᠷ ᠴᠢᠨᠰᠠᠭ᠎ᠠ ᠪᠦᠬᠦᠢ ᠭᠦᠢᠴᠡᠳ ᠠᠵᠢᠯ ᠤᠯᠭᠤᠯᠲᠠ ᠶᠢ ᠴᠢᠷᠮᠠᠶᠢᠨ ᠪᠡᠶᠡᠯᠡᠬᠦᠯᠬᠦ ᠬᠡᠷᠡᠭᠲᠡᠢ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122090396