蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠤᠯᠤᠰ ᠤᠨ ᠰᠢᠯᠭᠠᠯᠲᠠ ᠳ᠋ᠤ ᠨᠡᠷ᠎ᠡ ᠪᠦᠷᠢᠳᠭᠡᠬᠦᠯᠬᠦ ᠬᠢᠷᠢ ᠬᠡᠮ ᠢ ᠬᠢᠨᠠᠨ ᠪᠠᠶᠢᠴᠠᠭᠠᠨ᠎ᠠ

2017-12-15 17:34

    2018 ᠤᠨ ᠤ ᠤᠯᠤᠰ ᠤᠨ ᠰᠢᠯᠭᠠᠯᠲᠠ ᠳ᠋ᠤ ᠨᠡᠷ᠎᠎ᠡ ᠪᠦᠷᠢᠳᠭᠡᠬᠦᠯᠬᠦ ᠠᠵᠢᠯ 12 ᠰᠠᠷ᠎ᠠ ᠶᠢᠨ 12 ᠤᠨ ᠡᠲᠦᠷ ᠲᠠᠭᠤᠰᠪᠠ᠃ ᠨᠠᠷ᠎᠎ᠡ ᠪᠦᠷᠢᠳᠭᠡᠬᠦᠯᠬᠦ ᠶᠢ ᠬᠢᠨᠠᠨ ᠪᠠᠶᠢᠴᠠᠭᠠᠬᠤ ᠠᠵᠢᠯ  ᠲᠡᠭᠡᠲᠦ ᠱᠠᠲᠤᠨ ᠤ ᠰᠤᠷᠤᠭᠴᠢ ᠡᠯᠰᠡᠬᠦ ᠰᠢᠯᠭᠠᠯᠲᠠ ᠶᠢᠨ ᠵᠦᠪᠯᠡᠯ ᠤᠨ ᠤᠲᠤᠷᠢᠲᠤᠯᠭ᠎ᠠ ᠲᠤᠤᠷ᠎ᠠ ᠡᠯ᠎ᠡ ᠬᠤᠰᠢᠭᠤ ᠰᠢᠶᠠᠨ ᠤ ᠵᠠᠰᠠᠭ ᠤᠨ ᠤᠷᠲᠤᠨ ᠲᠦᠷᠦᠭᠦᠯᠡᠨ ᠬᠠᠷᠢᠭᠤᠴᠠᠵᠤ᠂ ᠰᠤᠷᠭᠠᠨ ᠬᠦᠮᠦᠵᠢᠯ᠂ ᠲᠤᠲᠤᠭᠠᠲᠤ ᠶᠢ ᠬᠠᠮᠠᠭᠠᠯᠠᠬᠤ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠪᠤᠯᠪᠠᠰᠤᠨ ᠬᠦᠴᠦᠨ᠂ ᠬᠢᠨᠠᠨ ᠪᠠᠶᠢᠴᠠᠭᠠᠬᠤ ᠵᠡᠷᠭᠡ ᠬᠠᠮᠢᠶᠠᠲᠠᠢ ᠪᠠᠶᠢᠭᠤᠯᠤᠯᠭ᠎ᠠ ᠨᠢᠭᠡᠴᠡ ᠶᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠪᠤᠯᠤᠨ᠎ᠠ᠃

    ᠬᠢᠷᠢ ᠬᠡᠮ ᠢ ᠬᠢᠨᠠᠨ ᠪᠠᠶᠢᠴᠠᠭᠠᠬᠤ ᠳ᠋ᠤ ᠰᠢᠯᠭᠠᠭᠤᠯᠤᠭᠰᠠᠳ ᠤᠨ ᠰᠤᠷᠤᠯᠭ᠎ᠠ ᠶᠢᠨ ᠬᠠᠷᠢᠶᠠᠯᠠᠯ᠂ ᠰᠤᠷᠤᠯᠴᠠᠭᠰᠠᠨ ᠪᠠᠶᠢᠲᠠᠯ᠂ ᠡᠷᠦᠬᠡ ᠠᠮᠠ ᠶᠢᠨ ᠬᠠᠷᠢᠶᠠᠯᠠᠯ ᠢ ᠬᠢᠨᠠᠨ ᠪᠠᠶᠢᠴᠠᠭᠠᠬᠤ ᠪᠤᠯᠤᠨ᠎ᠠ᠃ ᠦᠪᠦᠷ ᠮᠤᠩᠭ᠋ᠤᠯ ᠤᠷᠤᠨ ᠤ ᠭᠠᠲᠠᠨᠠᠬᠢ ᠬᠦᠯᠦᠰᠦᠨ ᠠᠵᠢᠯᠴᠢᠨ ᠤ ᠦᠷ᠎᠎ᠡ ᠬᠡᠦᠬᠡᠳ ᠤᠨ ᠡᠷᠦᠬᠡ ᠠᠮᠠ ᠶᠢᠨ ᠬᠠᠷᠢᠶᠠᠯᠠᠯ ᠵᠢᠴᠢ ᠦᠪᠦᠷ ᠮᠤᠩᠭ᠋ᠤᠯ ᠳ᠋ᠤ ᠨᠡᠬᠦᠵᠦ ᠢᠷᠡᠭᠰᠡᠨ ᠰᠢᠯᠭᠠᠭᠤᠯᠤᠭᠰᠠᠳ ᠢ ᠪᠠᠰᠠ ᠬᠢᠨᠠᠨ ᠪᠠᠶᠢᠴᠠᠭᠠᠨ᠎ᠠ᠃ ᠡᠭᠦᠨ ᠡᠴᠡ ᠭᠠᠲᠠᠨ᠎ᠠ ᠰᠢᠯᠭᠠᠭᠤᠯᠤᠭᠰᠠᠳ ᠤᠨ ᠦᠨᠳᠦᠰᠦᠲᠡᠨ ᠢ ᠲᠤᠲᠤᠯᠠᠨ ᠪᠠᠶᠢᠴᠠᠭᠠᠬᠤ᠂ ᠲᠤᠰᠬᠠᠢ ᠲᠦᠰᠦᠯ  ᠪᠠ ᠰᠤᠷᠤᠯᠭ᠎ᠠ ᠶᠢᠨ ᠲᠦᠯᠦᠪᠦᠷᠢ ᠦᠭᠡᠢ ᠡᠮᠴᠢ ᠶᠢᠨ ᠮᠡᠷᠭᠡᠵᠢᠯ ᠶᠢᠡᠷ ᠰᠤᠷᠤᠯᠴᠠᠬᠤ ᠰᠢᠯᠭᠠᠭᠤᠯᠤᠭᠰᠠᠳ ᠢ ᠴᠤ ᠪᠠᠶᠢᠴᠠᠭᠠᠬᠤ ᠪᠤᠯᠤᠨ᠎ᠠ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠲᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122118241