蒙古文网站Logo
ᠰᠢᠨᠬᠤᠸᠠ ᠮᠤᠩᠭ᠋ᠤᠯ ᠨᠧᠲ

《ᠳᠠᠶᠠᠩ ᠮᠣᠩᠭᠣᠯ ᠬᠢᠲᠡᠳ ᠰᠤᠷᠭᠠᠨ ᠬᠦᠮᠦᠵᠢᠯ ᠤᠨ ᠲᠠᠪᠴᠠᠩ》 ᠠᠯᠪᠠᠨ ᠶᠤᠰᠤᠭᠠᠷ ᠠᠰᠢᠭᠯᠠᠯᠳᠠ ᠳᠤ ᠤᠷᠤᠯ᠎ᠠ ᠍

2017-12-18 17:46

    ᠰᠢᠨᠬᠤᠸᠠ ᠮᠣᠩᠭᠣᠯ ᠨᠧᠲ  ᠬᠦᠬᠡᠬᠤᠲᠠ ᠶᠢᠨ 12 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ (ᠪᠤᠯᠤᠷᠴᠡᠴᠡᠭ᠂ ᠬᠡᠤᠬᠡᠨᠰᠤᠯᠢ) 《ᠳᠠᠶᠠᠩ ᠮᠣᠩᠭᠣᠯ ᠬᠢᠲᠡᠳ ᠰᠤᠷᠭᠠᠨ ᠬᠦᠮᠦᠵᠢᠯ ᠤᠨ ᠲᠠᠪᠴᠠᠩ》ᠠᠯᠪᠠᠨ ᠶᠤᠰᠤᠭᠠᠷ ᠠᠰᠢᠭᠯᠠᠯᠳᠠ ᠳᠤ ᠤᠷᠤᠬᠤ ᠵᠢᠴᠢ ᠰᠠᠭᠤᠷᠢ ᠰᠤᠷᠭᠠᠨ ᠬᠦᠮᠦᠵᠢᠯ ᠤᠨ ᠵᠠᠩᠭᠢᠵᠢᠯᠲᠠ ᠶᠢᠨ ᠪᠤᠯᠪᠠᠰᠤᠷᠠᠯ ᠤᠨ ᠬᠤᠷᠠᠯ 12 ᠰᠠᠷ᠎ᠠ ᠶᠢᠨ 18 ᠤ ᠡᠳᠦᠷ ᠬᠦᠬᠡᠬᠤᠲᠠ ᠳᠤ ᠶᠠᠪᠤᠭᠳᠠᠪᠠ᠃

    《ᠳᠠᠶᠠᠩ ᠮᠣᠩᠭᠣᠯ ᠬᠢᠲᠡᠳ ᠰᠤᠷᠭᠠᠨ ᠬᠦᠮᠦᠵᠢᠯ ᠤᠨ ᠲᠠᠪᠴᠠᠩ》 ᠨᠢ ᠦᠪᠦᠷ ᠮᠣᠩᠭᠣᠯ ᠤᠨ ᠬᠡᠪᠯᠡᠯ ᠤᠨ ᠪᠦᠯᠦᠭᠯᠡᠯ ᠵᠢᠴᠢ ᠭᠤᠤᠯᠯᠠᠬᠤ ᠪᠠᠶᠢᠭᠤᠯᠤᠯᠭ᠎ᠠ ᠪᠤᠯᠬᠤ ᠦᠪᠦᠷ ᠮᠣᠩᠭᠣᠯ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ ᠡᠴᠡ ᠳ᠋ᠢᠵᠢᠲ᠋ᠠᠯᠠᠭᠰᠠᠨ ᠬᠡᠯᠪᠡᠷᠢ ᠪᠡᠨ ᠬᠤᠪᠢᠷᠠᠭᠤᠯᠵᠤ ᠳᠡᠰ ᠳᠡᠪᠰᠢᠭᠦᠯᠬᠦ ᠶᠢ ᠪᠠᠶᠡᠯᠡᠬᠦᠯᠤᠨ᠂ ᠦᠨᠳᠦᠰᠦᠲᠡᠨ ᠤ ᠰᠤᠷᠭᠠᠨ ᠬᠦᠮᠦᠵᠢᠯ ᠤᠨ ᠤᠳᠤᠬᠢᠴᠢᠯᠠᠭᠰᠠᠨ ᠬᠢᠷᠢ ᠲᠦᠪᠰᠢᠨ ᠢ ᠳᠡᠭᠡᠭ᠍ᠰᠢᠯᠡᠭᠦᠯᠬᠦ ᠵᠤᠷᠢᠯᠭ᠎ᠠ ᠪᠡᠷ 3 ᠵᠢᠯ ᠤᠨ ᠬᠤᠭᠤᠴᠠᠭ᠎ᠠ ᠬᠡᠷᠡᠭᠰᠡᠵᠤ ᠰᠤᠳᠤᠯᠤᠨ ᠪᠦᠲᠦᠭᠡᠭ᠍ᠰᠡᠨ ᠳᠠᠪᠴᠠᠩ ᠪᠤᠯᠬᠤ ᠶᠤᠮ᠃ ᠳᠡᠷᠡ ᠨᠢ ᠪᠠᠭ᠎ᠠ ᠰᠤᠷᠭᠠᠭᠤᠯᠢ ᠡᠴᠡ ᠦᠨᠳᠦᠷ ᠳᠤᠮᠳᠠᠳᠤ ᠬᠦᠷᠲᠡᠯᠡᠬᠢ ᠰᠤᠷᠬᠤ ᠪᠢᠴᠢᠭ᠌ ᠤᠨ ᠪᠦᠬᠦᠶᠢᠯᠡ ᠬᠢᠴᠢᠶᠡᠯ ᠳᠦᠷᠦᠯ ᠤᠨ ᠠᠭᠤᠯᠭ᠎ᠠ ᠬᠢᠬᠡᠳ ᠳᠠᠭᠠᠯᠳᠠ ᠪᠤᠯᠪᠠᠰᠤᠷᠠᠯ ᠢ ᠬᠠᠮᠤᠷᠴᠤ ᠪᠠᠭᠰᠢ ᠨᠠᠷ ᠤᠨ ᠬᠢᠴᠢᠶᠡᠯ ᠪᠡᠯᠡᠳᠭᠡᠬᠦ᠂ ᠬᠢᠴᠢᠶᠡᠯᠯᠡᠬᠦ᠂ ᠪᠢᠴᠢᠯ ᠬᠢᠴᠢᠶᠡᠯ᠂ ᠬᠢᠴᠢᠶᠡᠯ ᠤᠨ ᠳᠠᠷᠠᠭᠠᠬᠢ ᠵᠢᠭᠠᠨ ᠵᠢᠯᠤᠭᠤᠳᠤᠮᠵᠢ ᠵᠢᠴᠢ ᠰᠤᠷᠤᠭᠴᠢᠳ ᠤᠨ ᠳᠠᠰᠬᠠᠯ ᠪᠤᠯᠪᠠᠰᠤᠷᠠᠯ ᠰᠢᠯᠭᠠᠯᠲᠠ ᠳᠤ ᠳᠦᠬᠦᠮ ᠨᠦᠬᠦᠴᠡᠯ ᠬᠠᠩᠭᠠᠵᠠᠢ᠃ ᠦᠪᠦᠷ ᠮᠤᠩᠭᠤᠯ ᠤᠨ ᠬᠡᠪᠯᠡᠯ ᠤᠨ ᠪᠦᠯᠦᠭᠯᠡᠯ ᠤᠨ ᠮᠡᠳᠡᠬᠡ ᠵᠠᠩᠬᠢ ᠶᠢᠨ ᠳᠦᠪ ᠤᠨ ᠳᠡᠳ᠋ ᠡᠷᠬᠢᠯᠡᠭᠴᠢ ᠪᠦᠷᠬᠦᠳ᠂ ᠡᠨᠡᠬᠦ ᠲᠠᠪᠴᠠᠩ ᠮᠠᠨᠢ ᠮᠣᠩᠭᠣᠯ ᠬᠢᠲᠠᠳ ᠠᠩᠭ᠍ᠯᠢ ᠤᠯᠠᠨ ᠬᠡᠯᠡᠨ ᠤ ᠰᠤᠷᠭᠠᠨ ᠬᠦᠮᠦᠵᠢᠯ ᠤᠨ ᠦᠢᠯᠡᠴᠢᠯᠡᠭᠡᠨ ᠤ ᠵᠠᠭᠪᠤᠷ ᠲᠤ ᠵᠤᠬᠢᠴᠠᠬᠤ ᠪᠦᠭᠡᠳ ᠴᠠᠭᠠᠰᠤᠨ ᠳᠡᠭᠡᠷ᠎ᠠ ᠪᠢᠴᠢᠭᠰᠡᠭᠡᠷ ᠳᠡᠯᠭᠡᠴᠡᠡ ᠳᠤ ᠢᠯᠡᠷᠡᠬᠦ ᠦᠪᠡᠷᠮᠢᠴᠡ ᠳᠠᠪᠠᠭᠤᠯᠢᠭ ᠲᠠᠢ ᠪᠡᠷ ᠢᠶᠡᠨ ᠤᠨᠴᠠᠯᠠᠭᠳᠠᠵᠤ᠂ ᠰᠤᠹᠲ  ᠤᠨ ᠲᠠᠪᠴᠠᠩ ᠪᠤᠯᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠦᠢᠯᠡᠴᠢᠯᠡᠭᠡ ᠶᠢ ᠨᠢᠭᠡ ᠴᠤᠭᠴᠠᠯᠠᠨ ᠬᠢᠴᠢᠶᠡᠯ ᠪᠡᠯᠡᠳᠭᠡᠬᠦ᠂ ᠬᠢᠴᠢᠶᠡᠯᠯᠡᠬᠦ᠂ ᠳᠠᠪᠲᠠᠨ ᠪᠠᠳᠤᠭᠬᠠᠬᠤ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠦᠮᠦᠷᠭᠡᠯᠡᠵᠤ ᠬᠤᠪᠢᠶᠠᠯᠴᠠᠬᠤ᠂ ᠳ᠋ᠠᠶᠢᠲ᠋ᠠ ᠶᠢ ᠵᠠᠳᠠᠯᠠᠬᠤ ᠵᠡᠷᠭᠡ ᠴᠢᠳᠠᠮᠵᠢ ᠲᠠᠢ ᠡᠴᠡ ᠬᠢᠴᠢᠶᠡᠯ ᠡᠴᠡ ᠡᠮᠦᠨᠡᠬᠢ᠂ ᠬᠢᠴᠢᠶᠡᠯ ᠳᠡᠭᠡᠷᠡᠬᠢ᠂ ᠬᠢᠴᠢᠶᠡᠯ ᠤᠨ ᠳᠠᠷᠠᠭᠠᠬᠢ ᠪᠦᠬᠦᠶᠢᠯᠡ ᠶᠠᠪᠤᠴᠠ ᠶᠢ ᠬᠤᠯᠪᠤᠨ ᠵᠢᠭᠠᠨ ᠰᠤᠷᠭᠠᠯᠲᠠ ᠶᠢ ᠳᠦᠭᠦᠮᠴᠢᠯᠡᠵᠤ ᠨᠢᠭᠡ ᠴᠤᠭᠴᠠᠯᠠᠨ ᠲᠤᠭᠠᠴᠠᠯᠠᠵᠤ ᠴᠢᠳᠠᠭᠰᠠᠨ ᠬᠡᠯ᠎ᠡ᠃

    ᠤᠯᠠᠭᠠᠨᠬᠠᠳᠠ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠪᠠᠭᠰᠢ ᠰᠡᠷᠬᠦᠯᠡᠩ ᠬᠠᠭᠠᠰ ᠵᠢᠯ ᠭᠠᠷᠤᠢ ᠡᠨᠡᠬᠦ ᠳᠠᠪᠴᠠᠩ ᠢ ᠳᠤᠷᠰᠢᠨ ᠠᠰᠢᠭᠯᠠᠭᠰᠠᠨ ᠤ ᠬᠤᠪᠢ ᠡᠴᠡ ᠳᠠᠨᠢᠯᠴᠠᠭᠤᠯᠵᠤ ᠶᠠᠷᠢᠬᠤ ᠋ᠳ᠋ᠠᠭᠠᠨ᠂ ᠡᠨᠡᠬᠦ ᠳᠠᠪᠴᠠᠩ ᠮᠠᠨ ᠤ ᠪᠠᠭᠰᠢ ᠰᠤᠷᠤᠭᠴᠢᠳ ᠲᠤ ᠮᠠᠰᠢ ᠳᠦᠬᠦᠮ ᠪᠤᠯᠤᠭᠰᠠᠨ᠂ ᠦᠩᠬᠡᠷᠡᠭᠰᠡᠨ ᠳᠤ ᠪᠢᠳᠡ ᠨᠢᠬᠡ ᠭᠠᠷᠠᠭ ᠤᠨ ᠴᠠᠭ ᠬᠡᠷᠡᠭᠰᠡᠨ ᠨᠢᠬᠡ ᠳᠦᠬᠦᠷ ᠰᠢᠯᠭᠠᠯᠳᠠ ᠶᠢᠨ ᠰᠡᠳᠦᠪ ᠭᠠᠷᠭᠠᠳᠠᠭ ᠪᠠᠶᠢᠭᠰᠠᠨ ᠪᠤᠯ ᠡᠨᠡ ᠳᠠᠪᠴᠠᠩ ᠢ ᠠᠰᠢᠭᠯᠠᠭᠠᠳ ᠠᠷᠪᠠᠭᠠᠳ ᠮᠢᠨᠦ᠋ᠲ ᠲᠤ ᠪᠡᠶᠡᠯᠡᠬᠦᠯᠴᠢᠬᠡᠳᠡᠭ ᠪᠤᠯᠤᠯ᠎ᠠ᠂ ᠬᠢᠴᠢᠶᠡᠯ ᠪᠡᠯᠡᠳᠬᠡᠬᠦ ᠳᠤ ᠴᠤ ᠠᠳᠠᠯᠢᠬᠠᠨ᠃ ᠰᠤᠷᠤᠭᠴᠢᠳ ᠬᠢᠴᠢᠶᠡᠯ ᠰᠠᠭᠠᠳᠠᠭᠰᠠᠨ ᠪᠤᠶᠤ ᠬᠢᠴᠢᠶᠡᠯ ᠨᠦᠬᠦᠬᠦ ᠴᠢᠬᠤᠯᠠ ᠲᠠᠢ ᠦᠶᠡᠰ ᠳᠠᠪᠴᠠᠩ ᠳᠤ ᠭᠠᠷᠤᠭᠠᠳ ᠯᠠ ᠳᠡᠷᠡ ᠬᠡᠷᠡᠭᠴᠡᠭᠡ ᠱᠠᠭᠠᠷᠳᠠᠯᠭ᠎ᠠ ᠪᠡᠨ ᠬᠠᠩᠭ᠋ᠠᠵᠤ ᠪᠤᠯᠤᠨ᠎ᠠ ᠬᠡᠯ᠎ᠡ᠃

    ᠲᠤᠰ ᠲᠠᠪᠴᠠᠩ ᠢ ᠦᠪᠦᠷ ᠮᠣᠩᠭᠣᠯ ᠤᠨ ᠮᠤᠨᠢ ᠰᠤᠶᠤᠯ ᠵᠠᠭᠤᠴᠢ ᠶᠢᠨ ᠬᠢᠵᠠᠭᠠᠷᠲᠤ ᠺᠤᠮᠫᠠᠨᠢ  ᠡᠵᠡᠩᠨᠡᠵᠤ᠂ ᠦᠪᠦᠷ ᠮᠣᠩᠭᠣᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠤᠨ ᠬᠢᠵᠠᠭᠠᠷᠲᠤ ᠺᠤᠮᠫᠠᠨᠢ ᠡᠴᠡ ᠮᠡᠷᠭᠡᠵᠢᠯ ᠬᠠᠩᠭᠠᠵᠠᠢ᠃ ᠲᠠᠪᠴᠠᠩ ᠨᠢ ᠬᠠᠮᠤᠭ ᠤᠨ ᠠᠩᠬᠠᠨ ᠤ ᠮᠣᠩᠭᠣᠯ ᠬᠢᠲᠠᠳ ᠬᠤᠶᠠᠷ ᠲᠦᠷᠦᠯ ᠤᠨ ᠦᠰᠦᠭ ᠪᠢᠴᠢᠭ᠌ ᠢᠶᠡᠷ ᠦᠢᠯᠡᠴᠢᠯᠡᠬᠦ ᠤᠨᠯᠠᠶᠢᠨ ᠵᠢᠭᠠᠨ ᠰᠤᠷᠭᠠᠯᠲᠠ ᠶᠢᠨ ᠲᠠᠪᠴᠠᠩ ᠪᠠᠶᠢᠵᠤ᠂ ᠳᠡᠬᠦᠨ ᠤ ᠳᠦᠭᠡᠮᠡᠯᠵᠢᠯᠲᠠ ᠨᠢ ᠮᠣᠩᠭᠣᠯ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭ᠍ᠵᠢᠯᠲᠠ ᠳᠤ ᠶᠡᠬᠡᠬᠡᠨ ᠳᠦᠯᠬᠢᠴᠡ ᠦᠢᠯᠡᠳᠦᠯ ᠦᠵᠡᠭᠦᠯᠬᠦ ᠪᠤᠯᠤᠨ᠎ᠠ᠃

ᠢᠷᠡᠯᠳᠡ᠄ ᠰᠢᠨᠬᠤᠸᠠ ᠮᠣᠩᠭᠣᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122130252