蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ《 ᠡᠷᠬᠢᠮᠰᠦᠭ ᠤᠷᠠᠯᠢᠭ ᠰᠤᠷᠭᠠᠭᠤᠯᠢ ᠶᠢᠨ ᠬᠦᠷᠢᠶᠠᠨ ᠳ᠋ᠤ》 ᠤᠷᠠᠨ ᠰᠠᠶᠢᠬᠠᠨ ᠤ ᠲᠤᠭᠯᠠᠯᠲᠠ ᠵᠤᠬᠢᠶᠠᠨ ᠪᠠᠶᠢᠭᠤᠯᠪᠠ

2017-12-25 16:17

    ᠰᠢᠨᠬᠤᠧᠠ ᠮᠤᠩᠭ᠋ᠤᠯ ᠨᠧᠲ   ᠬᠦᠬᠡᠬᠤᠲᠠ ᠶᠢᠨ 12 ᠰᠠᠷ᠎ᠠ ᠶᠢᠨ 25 ᠤ ᠡᠲᠦᠷ ᠤᠨ ᠴᠠᠬᠢᠯᠭᠠᠨ ᠮᠡᠲᠡᠭᠡ (ᠦᠵᠡᠰᠭᠦᠯᠡᠩ) ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠢᠯᠡᠯᠲᠡ ᠲᠠᠢ ᠬᠤᠷᠠᠯᠲᠤᠭᠰᠠᠨ ᠢ ᠪᠠᠶᠠᠷᠯᠠᠨ ᠲᠡᠮᠲᠡᠭᠯᠡᠵᠦ ᠠᠭᠤᠤ ᠨᠠᠮ ᠤᠨ ᠭᠡᠷᠡᠯ ᠰᠠᠴᠤᠷᠠᠩᠭ᠋ᠤᠢ ᠲᠡᠦᠬᠡ ᠢᠯᠭᠤᠭᠰᠠᠨ ᠠᠮᠵᠢᠯᠲᠠ ᠪᠦᠲᠦᠮᠵᠢ ᠶᠢ ᠮᠠᠭᠲᠠᠵᠤ ᠲᠠᠭᠤᠯᠠᠨ᠂ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠠᠮᠢᠲᠤᠷᠠᠯ ᠢ ᠪᠠᠶᠠᠯᠢᠭᠵᠢᠭᠤᠯᠬᠤ ᠪᠡᠷ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ 23 ᠤ ᠡᠲᠦᠷ ᠡᠴᠡ 24 ᠤ ᠡᠲᠦᠷ ᠪᠤᠯᠲᠠᠯ᠎ᠠ 《 ᠤᠭ ᠰᠠᠨᠠᠭ᠎ᠠ ᠪᠠᠨ ᠦᠯᠦ ᠮᠠᠷᠲᠠᠨ᠂ ᠲᠡᠦᠬᠡᠲᠦ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ》ᠭᠡᠬᠦ ᠭᠤᠤᠯ ᠰᠡᠳᠦᠪ ᠲᠠᠢ 《ᠡᠷᠬᠢᠮᠰᠦᠭ ᠤᠷᠠᠯᠢᠭ ᠰᠤᠷᠭᠠᠭᠤᠯᠢ ᠶᠢᠨ ᠬᠦᠷᠢᠶᠠᠨ ᠳ᠋ᠤ》 ᠤᠷᠠᠨ ᠰᠠᠶᠢᠬᠠᠨ ᠤ ᠠᠵᠢᠯᠯᠠᠭ᠎ᠠ ᠦᠷᠨᠢᠬᠦᠯᠪᠡ᠃ ᠠᠵᠢᠯᠯᠠᠭᠠᠨ ᠤ ᠦᠶ᠎ᠠ ᠪᠡᠷ ᠦᠪᠦᠷ ᠮᠤᠩᠭ᠋ᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠲᠠᠭᠤᠨ ᠤ ᠪᠦᠯᠬᠦᠮ ᠤᠨ ᠬᠢᠨ ᠢᠷᠡᠵᠦ ᠤᠷᠠᠨ ᠰᠠᠶᠢᠬᠠᠨ ᠤ ᠲᠤᠭᠯᠠᠯᠲᠠ ᠭᠠᠷᠭᠠᠪᠠ᠃ ᠦᠨᠳᠦᠰᠦᠲᠡᠨ ᠤ ᠤᠷᠠᠯᠢᠬ ᠤᠯᠠᠮᠵᠢᠯᠠᠯ ᠢ ᠬᠠᠲᠠᠭᠠᠯᠠᠭᠰᠠᠨ 13 ᠲᠤᠭᠯᠠᠯᠲᠠ ᠪᠡᠷ ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠢᠲᠷᠡᠬᠦᠨ ᠵᠢᠪᠬᠤᠭ᠎ᠠ᠂ ᠴᠤᠪᠤᠭᠤ ᠲᠡᠭᠵᠢᠨ ᠪᠠᠶᠢᠲᠠᠯ ᠢ ᠬᠠᠷᠠᠭᠤᠯᠪᠠ᠃ ᠲᠤᠭᠯᠠᠯᠲᠠ ᠶᠢᠨ ᠦᠶ᠎ᠠ ᠪᠡᠷ ᠲᠤᠰ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠦᠯᠦᠭᠡᠯᠡᠭᠴᠢ ᠠᠬᠤᠢ ᠲᠠᠯᠠᠪᠠᠢ ᠳ᠋ᠤ ᠬᠦᠷᠴᠦ ᠰᠤᠨᠢᠷᠬᠠᠭᠰᠠᠨ ᠶᠢᠡᠷ ᠪᠠᠷᠠᠬᠤ ᠦᠭᠡᠢ ᠢᠨᠲ᠋ᠧᠷᠨᠧᠲ  ᠶᠢᠡᠷ ᠰᠢᠭᠤᠳ ᠲᠠᠮᠵᠢᠭᠤᠯᠭ᠎ᠠ ᠬᠢᠵᠡᠢ᠃

    《ᠡᠷᠬᠢᠮᠰᠦᠭ ᠤᠷᠠᠯᠢᠭ ᠰᠤᠷᠭᠠᠭᠤᠯᠢ ᠶᠢᠨ ᠬᠦᠷᠢᠶᠡᠨ ᠳ᠋ᠤ》 ᠠᠵᠢᠯᠯᠠᠭ᠎ᠠ ᠪᠤᠯ ᠶᠡᠬᠡ ᠲᠡᠭᠡᠳᠦ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠦᠮᠦᠵᠢᠯ ᠢ ᠠᠬᠢᠭᠤᠯᠵᠤ ᠪᠠᠶᠢᠭ᠎ᠠ ᠠᠷᠭ᠎ᠠ ᠬᠡᠮᠵᠢᠶ᠎ᠠ ᠪᠤᠯᠤᠨ᠎ᠠ᠃ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠠᠮᠢᠲᠤᠷᠠᠯ ᠢ  ᠪᠠᠶᠠᠯᠢᠭᠵᠢᠭᠤᠯᠬᠤ ᠪᠡᠷ ᠲᠠᠮᠵᠢᠨ ᠶᠡᠬᠡ ᠰᠤᠷᠭᠠᠭᠤᠯᠢ ᠶᠢᠨ ᠤᠶᠤᠲᠠᠳ ᠤᠨ ᠦᠪ ᠰᠤᠶᠤᠯ ᠶᠢᠡᠨ ᠵᠠᠯᠭᠠᠮᠵᠢᠯᠠᠬᠤ ᠪᠠ ᠤᠷᠠᠯᠢᠭ ᠰᠤᠶᠤᠯ ᠤᠨ ᠬᠡᠪ ᠪᠤᠯᠪᠠᠰᠤᠷᠠᠯ ᠢ ᠨᠢ ᠲᠡᠭᠡᠭ᠍ᠰᠢᠯᠡᠬᠦᠯᠦᠨ ᠪᠦᠬᠦ ᠲᠠᠯ᠎ᠠ ᠪᠡᠷ ᠬᠦᠭ᠍ᠵᠢᠬᠦ ᠳ᠋ᠤ ᠠᠰᠢᠭᠲᠠᠢ ᠶᠤᠮ᠃ (ᠵᠢᠷᠤᠭ ᠢ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠠᠩᠭ᠋ᠠᠪᠠ )

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122164139