蒙古文网站Logo
ᠰᠢᠨᠬᠤᠸᠠ ᠮᠤᠩᠭ᠋ᠤᠯ ᠨᠧᠲ

ᠭᠤᠷᠪᠠᠳᠤᠭᠠᠷ ᠪᠦᠯᠦᠭ ᠤᠯᠤᠰ ᠤᠨ 《 ᠲᠦᠮᠡᠨ ᠬᠦᠮᠦᠨ ᠤ ᠲᠦᠯᠦᠪᠯᠡᠬᠡ》 ᠳᠤ ᠲᠡᠷᠢᠬᠦᠨ ᠤ ᠴᠢᠳᠠᠪᠦᠷᠢᠳᠡᠨ ᠢᠶᠡᠷ ᠰᠤᠩᠭ᠋ᠤᠭᠰᠠᠨ ᠨᠡᠷᠡᠰ ᠤᠨ ᠵᠢᠬᠰᠠᠭᠠᠯᠳᠠ ᠶᠢ ᠨᠡᠶᠢᠳᠡᠯᠡᠪᠡ

2018-01-04 17:15

    ᠰᠢᠨᠬᠤᠸᠠ ᠨᠧᠲ   ᠪᠡᠭᠡᠵᠢᠩ ᠤᠨ 1 ᠰᠠᠷ᠎ᠠ ᠶᠢᠨ 3 ᠤ ᠡᠳᠤᠷ ᠤᠨ ᠴᠠᠬᠢᠯᠭᠠᠨ ᠮᠡᠳᠡᠬᠡ 《 2017 ᠤᠨ ᠤ ᠤᠯᠤᠰ ᠤᠨ〈 ᠮᠢᠩᠭ᠋ᠠᠨ ᠬᠦᠮᠦᠨ ᠤ ᠲᠦᠯᠦᠪᠯᠡᠬᠡ〉〈 ᠲᠦᠮᠡᠨ ᠬᠦᠮᠦᠨ ᠤ ᠲᠦᠯᠦᠪᠯᠡᠬᠡ〉 ᠳᠤ ᠨᠡᠷ᠎ᠡ ᠮᠡᠳᠡᠬᠦᠯᠵᠤ ᠲᠡᠪᠰᠢᠬᠦᠯᠬᠦ ᠠᠵᠢᠯ ᠦᠷᠨᠢᠬᠦᠯᠬᠦ ᠮᠡᠳᠡᠭᠳᠡᠯ 》 ᠢ᠋ ᠦᠨᠳᠦᠰᠦᠯᠡᠪᠡᠯ᠂ ᠲᠦᠪ ᠤᠨ ᠴᠢᠳᠠᠪᠦᠷᠢᠳᠡᠨ ᠤ ᠠᠵᠢᠯ ᠢ ᠲᠤᠬᠢᠷᠠᠭᠤᠯᠬᠤ ᠪᠠᠭ ᠤᠨ ᠨᠢᠬᠡᠳᠤᠯᠲᠡᠢ ᠲᠦᠯᠦᠪᠯᠡᠬᠡ ᠪᠡᠷ᠂ ᠲᠦᠪ ᠤᠨ ᠤᠬᠠᠭᠤᠯᠬᠤ ᠬᠡᠯᠳᠡᠰ᠂ ᠰᠤᠷᠭᠠᠨ ᠬᠦᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠶᠠᠮᠤᠨ ᠮᠡᠷᠭᠡᠵᠢᠯᠳᠡᠨ ᠵᠤᠬᠢᠶᠠᠨ ᠪᠠᠶᠢᠭᠤᠯᠵᠤ᠂ ᠬᠠᠮᠢᠶ᠎ᠠ ᠪᠦᠬᠦᠢ ᠴᠢᠳᠠᠪᠤᠷᠢᠳᠠᠨ ᠤ ᠲᠦᠯᠦᠪᠯᠡᠬᠡᠨ ᠡᠴᠡ 723 ᠨᠡᠷᠡᠰ ᠰᠢᠨᠵᠢᠯᠡᠬᠦ ᠤᠬᠠᠭᠠᠨ ᠲᠧᠭᠨᠤᠯᠤᠬᠢ ᠶᠢᠨ ᠰᠢᠨ᠎ᠡ ᠶᠢ ᠡᠬᠦᠳᠦᠭᠰᠡᠨ ᠲᠡᠷᠢᠬᠦᠨ ᠤ ᠴᠢᠳᠠᠪᠤᠷᠢᠳᠡᠨ᠂ 373 ᠨᠡᠷᠡᠰ ᠰᠢᠨᠵᠢᠯᠡᠬᠦ ᠤᠬᠠᠭᠠᠨ ᠲᠧᠭᠨᠤᠯᠤᠬᠢ ᠶᠢᠨ ᠦᠢᠯᠡᠰ ᠪᠤᠰᠬᠠᠭᠰᠠᠨ ᠲᠡᠷᠢᠬᠦᠨ ᠤ ᠴᠢᠳᠠᠪᠤᠷᠢᠳᠠᠨ᠂ 220 ᠨᠡᠷᠡᠰ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠲᠡᠷᠢᠬᠦᠨ ᠤ ᠴᠢᠳᠠᠪᠤᠷᠢᠳᠠᠨ᠂ 197 ᠨᠡᠷᠡᠰ ᠵᠢᠭᠠᠨ ᠰᠤᠷᠭᠠᠯᠳᠠ ᠶᠢᠨ ᠨᠡᠷᠡᠳᠤ ᠪᠠᠭᠰᠢ ᠶᠢ ᠰᠢᠯᠢᠨ ᠲᠡᠪᠰᠢᠬᠦᠯᠤᠭ᠍ᠰᠡᠨ ᠪᠠᠶᠢᠨ᠎ᠠ᠃ ᠡᠬᠦᠨ ᠳᠤ ᠰᠢᠨᠵᠢᠯᠡᠬᠦ ᠤᠬᠠᠭᠠᠨ ᠲᠧᠭᠨᠤᠯᠤᠬᠢ ᠶᠢᠨ ᠰᠢᠨ᠎ᠡ ᠶᠢ ᠡᠬᠦᠳᠦᠭᠰᠡᠨ ᠲᠡᠷᠢᠬᠦᠨ ᠤ ᠴᠢᠳᠠᠪᠤᠷᠢᠳᠡᠨ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠦᠢᠯᠡᠰ ᠪᠤᠰᠬᠠᠭᠰᠠᠨ ᠲᠡᠷᠢᠬᠦᠨ ᠤ ᠴᠢᠳᠠᠪᠤᠷᠢᠳᠠᠨ  ᠢ 《 ᠰᠢᠨ᠎ᠡ ᠶᠢ ᠡᠬᠦᠳᠬᠦ ᠴᠢᠳᠠᠪᠦᠷᠢᠳᠡᠨ ᠢ ᠲᠡᠮᠵᠢᠬᠦ ᠲᠦᠯᠦᠪᠯᠡᠬᠡ》 ᠳ᠋ᠤ ᠨᠡᠷ᠎ᠡ ᠲᠡᠪᠰᠢᠭ᠍ᠴᠢᠳ ᠤᠨ ᠲᠤᠳᠤᠷ᠎ᠠ ᠡᠴᠡ ᠰᠢᠯᠢᠵᠤ᠂ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠲᠡᠷᠢᠬᠦᠨ ᠤ ᠴᠢᠳᠠᠪᠤᠷᠢᠳᠡᠨ ᠢ ᠰᠤᠶᠤᠯ ᠤᠨ ᠠᠯᠳᠠᠷᠳᠠᠳ ᠵᠢᠴᠢ《 ᠲᠦᠷᠪᠡᠨ ᠨᠢᠬᠡ ᠪᠦᠯᠦᠭ》 ᠤ᠋ᠨ ᠴᠢᠳᠠᠪᠤᠷᠢᠳᠡᠨ ᠤ ᠢᠨᠵᠧᠨᠧᠷᠢᠩ ᠤᠨ ᠨᠡᠷ᠎ᠡ ᠲᠡᠪᠰᠢᠭ᠍ᠴᠢᠳ ᠤᠨ ᠲᠤᠳᠤᠷ᠎ᠠ ᠡᠴᠡ ᠲᠤᠳᠤᠷᠠᠭᠤᠯᠵᠠᠢ᠃ 

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011120701122211091