蒙古文网站Logo
ᠰᠢᠨᠬᠤᠸᠠ ᠮᠤᠩᠭ᠋ᠤᠯ ᠨᠧᠲ

《ᠨᠡᠶᠢᠭᠡᠮ ᠤᠨ ᠪᠠᠶᠢᠴᠠᠭᠠᠯᠳᠠ》 ᠰᠤᠳᠤᠯᠭᠠᠨ ᠳᠤ ᠬᠠᠮᠤᠷᠤᠭᠳᠠᠭᠰᠠᠨ ᠬᠦᠮᠦᠰ ᠤᠨ 87.2% ᠨᠢ ᠤᠨᠯᠠᠶᠢᠨ ᠰᠤᠷᠭᠠᠯᠳᠠ ᠬᠦᠷᠳᠡᠪᠡ

2018-01-09 16:32

    ᠤᠯᠠᠮ ᠡᠴᠡ ᠤᠯᠠᠨ ᠬᠦᠮᠦᠰ ᠶᠠᠭ ᠨᠧᠲ ᠢᠶᠡᠷ ᠲᠠᠮᠵᠢᠨ ᠰᠤᠷᠤᠯᠴᠠᠵᠤ ᠪᠠᠶᠢᠨ᠎ᠠ᠃ ᠢᠨᠲ᠋ᠧᠷᠨᠧᠲ ᠤᠨ ᠠᠵᠤ ᠦᠢᠯᠡᠰ ᠤᠨ ᠵᠠᠬ᠎ᠠ ᠵᠡᠭᠡᠯᠢ ᠶᠢᠨ ᠰᠤᠷᠠᠭ ᠵᠠᠩᠬᠢ ᠯᠠᠪᠯᠠᠬᠤ ᠨᠢᠬᠡᠨ ᠪᠠᠶᠢᠭᠤᠯᠤᠮᠵᠢ ᠶᠢᠨ ᠨᠡᠶᠢᠳᠡᠯᠡᠭᠰᠡᠨ 《 2017 ᠤᠨ ᠤ ᠲᠤᠮᠳᠠᠳᠤ ᠤᠯᠤᠰ ᠤᠨ ᠤᠨᠯᠠᠶᠢᠨ ᠰᠤᠷᠭᠠᠯᠳᠠ ᠶᠢᠨ ᠦᠢᠯᠡᠰ ᠤᠨ ᠴᠠᠭᠠᠨ ᠲᠡᠪᠳᠡᠷ》 ᠢ ᠦᠨᠳᠦᠰᠦᠯᠡᠪᠡᠯ᠂ 2018 ᠤᠨ ᠳᠤ᠂ ᠲᠤᠮᠳᠠᠳᠤ ᠤᠯᠤᠰ ᠤᠨ ᠤᠨᠯᠠᠶᠢᠨ ᠰᠤᠷᠭᠠᠯᠳᠠ ᠶᠢᠨ ᠵᠠᠬ᠎ᠠ ᠵᠡᠭᠡᠯᠢ ᠶᠢᠨ ᠬᠡᠪᠴᠢᠶ᠎ᠡ 3000 ᠳ᠋ᠦᠩᠰᠢᠭᠤᠷ ᠲᠦᠭᠦᠷᠢᠭ᠌ ᠢ ᠲᠠᠪᠠᠬᠤ ᠪᠤᠯᠤᠨ᠎ᠠ ᠬᠡᠵᠡᠢ᠃ ᠬᠡᠳᠡᠯ᠎ᠡ᠂ ᠤᠨᠯᠠᠶᠢᠨ ᠰᠤᠷᠭᠠᠯᠳᠠ ᠶᠢᠨ ᠲᠦᠷᠭᠡᠨ ᠬᠦᠭ᠍ᠵᠢᠬᠦ ᠶᠢ ᠲᠠᠭᠠᠯᠳᠤᠨ ᠵᠠᠷᠢᠮ ᠠᠰᠠᠭᠤᠳᠠᠯ ᠴᠤ ᠢᠯᠡᠷᠡᠵᠤ ᠪᠠᠶᠢᠨ᠎ᠠ᠃

    ᠡᠮᠦᠨᠡᠬᠡᠨ᠂ ᠲᠤᠮᠳᠠᠳᠤ ᠤᠯᠤᠰ  ᠤᠨ ᠵᠠᠯᠠᠭᠤᠴᠤᠳ ᠤᠨ ᠰᠤᠨᠢᠨ ᠤ ᠬᠤᠷᠢᠶᠠᠨ ᠤ ᠨᠡᠶᠢᠬᠡᠮ ᠤᠨ ᠪᠠᠶᠢᠴᠠᠭᠠᠯᠳᠠ ᠶᠢᠨ ᠲᠦᠪ ᠪᠤᠯᠤᠨ ᠰᠠᠨᠠᠯ ᠠᠰᠠᠭᠤᠯᠭ᠎ᠠ ᠶᠢᠨ ᠨᠧᠲ ᠬᠠᠮᠳᠤᠷᠠᠨ 2023 ᠬᠦᠮᠦᠨ ᠡᠴᠡ ᠰᠠᠨᠠᠯ ᠬᠤᠷᠢᠶᠠᠵᠠᠢ᠂ ᠪᠠᠶᠢᠴᠠᠭᠠᠯᠳᠠ ᠶᠢᠨ ᠳ᠋ᠦᠩ ᠳᠤ ᠰᠤᠳᠤᠯᠭᠠᠨ ᠳᠤ ᠬᠠᠮᠤᠷᠤᠭᠳᠠᠭᠰᠠᠨ ᠬᠦᠮᠦᠰ ᠤᠨ 87.2% ᠨᠢ ᠤᠨᠯᠠᠶᠢᠨ ᠰᠤᠷᠭᠠᠯᠳᠠ ᠬᠦᠷᠳᠡᠭᠰᠡᠨ ᠪᠠᠶᠢᠯ᠎ᠠ᠃ 54.1% ᠶ᠋ᠢᠨ ᠬᠦᠮᠦᠰ ᠨᠢ ᠤᠨᠯᠠᠶᠢᠨ ᠰᠤᠷᠭᠠᠯᠳᠠ ᠶᠢᠨ ᠲᠠᠪᠴᠠᠩ ᠤᠨ ᠪᠠᠭᠰᠢ ᠶᠢᠨ ᠲᠤᠬᠠᠶᠢᠯᠠᠭᠰᠠᠨ ᠠᠵᠢᠯ ᠤᠨ ᠬᠡᠪ ᠪᠤᠯᠪᠠᠰᠤᠷᠠᠯ ᠪᠤᠯᠤᠨ ᠵᠢᠭᠠᠨ ᠰᠤᠷᠭᠠᠯᠳᠠ ᠶᠢᠨ ᠲᠦᠪᠰᠢᠨ ᠠᠳᠠᠯᠢ ᠦᠭᠡᠢ ᠪᠠᠶᠢᠨ᠎ᠠ ᠭᠡᠵᠤ ᠦᠵᠡᠬᠦ ᠳᠤ 50.4% ᠶ᠋ᠢᠨ ᠬᠦᠮᠦᠰ ᠨᠢ ᠤᠨᠯᠠᠶᠢᠨ ᠰᠤᠷᠭᠠᠯᠳᠠ ᠶᠢᠨ ᠲᠠᠪᠴᠠᠩ ᠤᠨ ᠪᠠᠭᠰᠢ ᠶᠢᠨ ᠬᠢᠷᠢ ᠬᠡᠮ ᠢ ᠰᠢᠯᠭᠠᠷᠠᠭᠤᠯᠬᠤ ᠪᠤᠯᠤᠨ ᠴᠢᠳᠠᠮᠵᠢ ᠶᠢ ᠦᠨᠡᠯᠡᠬᠦ ᠲᠠᠯ᠎ᠠ ᠪᠡᠷ ᠴᠢᠩᠭ᠋ᠠᠳᠬᠠᠬᠤ ᠶᠢ ᠬᠦᠰᠡᠵᠤ ᠪᠤᠢ᠃

    ᠰᠤᠳᠤᠯᠭᠠᠨ ᠳᠤ ᠬᠠᠮᠤᠷᠤᠭᠳᠠᠭᠰᠠᠨ ᠬᠦᠮᠦᠰ ᠤᠨ ᠲᠤᠳᠤᠷ᠎ᠠ ᠠᠷᠪᠠᠭᠠᠳ ᠨᠠᠰᠤᠨ ᠤ 1.3%᠂ ᠬᠤᠷᠢᠭᠠᠳ ᠨᠠᠰᠤᠨ ᠤ 29.3%᠂ ᠭᠤᠴᠢᠭᠠᠳ ᠨᠠᠰᠤᠨ ᠤ 49.8%᠂ ᠲᠦᠴᠢᠭᠡᠳ ᠨᠠᠰᠤᠨ ᠤ 15.0%᠂ ᠲᠠᠪᠢᠭᠠᠳ ᠨᠠᠰᠤᠨ ᠤ 4.2%᠂ ᠪᠤᠰᠤᠳ ᠨᠠᠰᠤᠨ ᠤ ᠬᠦᠮᠦᠰ ᠨᠢ 0.4% ᠶ᠋ᠢ ᠡᠵᠡᠯᠡᠵᠤ ᠪᠠᠶᠢᠨ᠎ᠠ᠃

ᠢᠷᠡᠯᠳᠡ᠄ ᠲᠤᠮᠳᠠᠳᠤ ᠤᠯᠤᠰ ᠤᠨ ᠵᠠᠯᠠᠭᠤᠴᠤᠳ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠡᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122233636