蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭᠣᠯ ᠤᠨ ᠰᠤᠷᠤᠯᠭ᠎ᠠ ᠲᠡᠳᠬᠦᠬᠦ ᠵᠢᠭᠡᠯᠡᠯᠭᠡ  ᠬᠠᠩ᠋ᠭᠠᠬᠤ ᠠᠵᠢᠯ  ᠠᠮᠵᠢᠯᠲᠠ ᠲᠠᠢ ᠪᠠᠶᠢᠨ᠎ᠠ

2018-01-09 16:31

    ᠣᠶᠢᠷ᠎ᠠ ᠳ᠋ᠤ᠂ ᠰᠤᠷᠪᠤᠯᠵᠢᠯᠠᠭᠴᠢ ᠥᠪᠥᠷ ᠮᠣᠩᠭᠣᠯ ᠤᠨ  ᠰᠤᠷᠭᠠᠨ ᠬᠥᠮᠥᠵᠢᠯ ᠦᠨ ᠲᠢᠩᠬᠢᠮ ᠡᠴᠡ ᠣᠶᠢᠯᠠᠭᠠᠭᠰᠠᠨ ᠢᠶᠠᠷ᠂ ᠠᠷᠪᠠᠭᠠᠳ ᠵᠢᠯ ᠦ᠋ᠨ ᠴᠢᠷᠮᠠᠶᠢᠯᠭ᠎ᠠ ᠪᠠᠷ ᠳᠠᠮᠵᠢᠭᠠᠳ᠂ ᠥᠪᠥᠷ ᠮᠣᠩᠭᠣᠯ ᠤᠨ ᠰᠤᠷᠤᠯᠭ᠎ᠠ ᠲᠡᠳᠬᠦᠬᠦ ᠵᠢᠭᠡᠯᠡᠯᠭᠡ  ᠬᠠᠩ᠋ᠭᠠᠬᠤ ᠠᠵᠢᠯ ᠤᠨ ᠲᠠᠯ᠎ᠠ ᠪᠠᠷ《 ᠵᠠᠰᠠᠭ ᠤᠨ ᠣᠷᠳᠣᠨ ᠭᠣᠣᠯᠯᠠᠨ ᠵᠢᠯᠣᠭᠣᠳᠴᠤ᠂ ᠤᠯᠤᠰ ᠤᠨ ᠬᠥᠭ᠍ᠵᠢᠯ ᠦᠨ ᠪᠠᠩᠬᠢ ᠡᠴᠠ ᠪᠡᠯᠡ ᠣᠷᠣᠭᠤᠯᠤᠨ᠂ ᠰᠤᠷᠭᠠᠨ ᠬᠥᠮᠥᠵᠢᠯ ᠦᠨ ᠲᠢᠩᠬᠢᠮ ᠡᠴᠡ ᠵᠣᠬᠢᠶᠠᠨ ᠪᠠᠶᠢᠭᠤᠯᠵᠤ᠂ ᠬᠣᠰᠢᠭᠤ ᠰᠢᠶᠠᠨ  ᠭᠦᠢᠴᠡᠳᠬᠡᠵᠦ᠂ ᠶᠡᠬᠡ ᠳᠡᠭᠡᠳᠦ ᠰᠤᠷᠭᠠᠭᠤᠯᠢ ᠬᠠᠮᠵᠢᠯᠴᠠᠨ᠂ ᠰᠤᠷᠤᠭᠴᠢᠳ ᠠᠰᠢᠭ ᠬᠦᠷᠲᠡᠬᠦ》ᠰᠠᠶᠢᠨ ᠰᠠᠶᠢᠬᠠᠨ ᠡᠷᠭᠢᠯᠲᠡ ᠲᠠᠢ ᠠᠵᠢᠯ ᠤᠨ ᠲᠣᠭᠲᠠᠴᠠ ᠪᠣᠢ ᠪᠣᠯᠵᠠᠢ ᠃

    ᠣᠳᠣ ᠪᠣᠯᠲᠠᠯ᠎ᠠ ᠥᠪᠦᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠳ᠋ᠤ ᠤᠯᠤᠰ ᠤᠨ ᠬᠥᠭ᠍ᠵᠢᠯ ᠦᠨ ᠪᠠᠩᠬᠢ ᠡᠴᠠ 57 ᠳ᠋ᠦᠩᠰᠢᠭᠤᠷ ᠲᠥᠭᠥᠷᠢᠭ᠌ ᠤᠨ ᠢᠲᠡᠭᠡᠮᠵᠢ ᠶ᠋ᠢᠨ ᠰᠤᠷᠤᠯᠭ᠎ᠠ ᠲᠡᠳᠬᠦᠬᠦ ᠵᠢᠭᠡᠯᠡᠯᠭᠡ ᠪᠠᠭᠤᠯᠭᠠᠭᠠᠳ 96 ᠲᠦᠮᠡᠨ ᠰᠤᠷᠤᠭᠴᠢᠳ ᠲᠤ ᠠᠰᠢᠭ ᠬᠦᠷᠲᠡᠭᠡᠭ᠍ᠰᠡᠨ ᠶᠤᠮ᠃ 2016 ᠣᠨ ᠤ ᠡᠴᠦᠰ ᠪᠣᠯᠬᠤ ᠳ᠋ᠤ᠂ ᠨᠡᠶᠢᠲᠡ 15 ᠳ᠋ᠦᠩᠰᠢᠭᠤᠷ ᠲᠥᠭᠥᠷᠢᠭ᠌ ᠦ᠋ᠨ ᠪᠡᠯᠡ ᠮᠥᠩᠭᠥ ᠪᠡᠨ ᠬᠤᠷᠢᠶᠠᠬᠰᠠᠨ ᠪᠦᠬᠡᠳ ᠪᠡᠯᠡ ᠮᠥᠩᠭᠥ ᠪᠡᠨ ᠴᠠᠭ ᠲᠠᠭᠠᠨ ᠬᠤᠷᠢᠶᠠᠬᠰᠠᠨ ᠨᠣᠷᠮ᠎ᠠ 99.99% ᠳᠤ ᠬᠦᠷᠴᠡᠢ﹔ᠬᠤᠷᠢᠶᠠᠬᠰᠠᠨ ᠬᠦᠦ ᠮᠥᠩᠭᠥ ᠨᠢ ᠨᠡᠶᠢᠲᠡ 1 ᠳ᠋ᠦᠩᠰᠢᠭᠤᠷ 6400 ᠲᠦᠮᠡᠨ ᠲᠥᠭᠥᠷᠢᠭ᠌  ᠪᠦᠬᠡᠳ ᠬᠦᠦ ᠮᠥᠩᠭᠥ ᠪᠡᠨ ᠴᠠᠭ ᠲᠤ ᠨᠢ ᠬᠤᠷᠢᠶᠠᠬᠰᠠᠨ ᠨᠣᠷᠮ᠎ᠠ 99.53 % ᠳᠤ ᠬᠦᠷᠤᠭ᠍ᠰᠠᠨ ᠪᠠᠶᠢᠨ᠎ᠠ᠃ ᠡᠬᠦᠨ ᠤ ᠬᠠᠮᠲᠤ᠂ ᠵᠢᠭᠡᠯᠡᠯᠭᠡ ᠪᠡᠨ ᠪᠤᠴᠠᠭᠠᠵᠤ ᠬᠤᠷᠢᠶᠠᠬᠰᠠᠨ ᠡᠯ᠎ᠡ ᠲᠥᠷᠥᠯ ᠦ᠋ᠨ ᠵᠢᠭᠠᠯᠲᠠ ᠲᠣᠭ᠎ᠠ ᠨᠢ ᠤᠯᠤᠰ ᠳᠠᠶᠠᠭᠠᠷ ᠲᠤ ᠣᠷᠣᠶᠢᠯᠠᠭᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭ᠋ᠤᠯ ᠷᠠᠳᠢᠣ᠋ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠡᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011100001122233682