蒙古文网站Logo
ᠰᠢᠨᠬᠤᠸᠠ ᠮᠤᠩᠭ᠋ᠤᠯ ᠨᠧᠲ

6 ᠳ᠋ᠤᠭᠠᠷ ᠰᠠᠷ᠎ᠠ  ᠳᠤ ᠦᠪᠦᠷ ᠮᠤᠨᠭᠭᠤᠯ ᠤᠨ ᠭᠠᠬᠠᠢ ᠶᠢᠨ ᠮᠢᠬ᠎ᠠ ᠪᠤᠯᠤᠨ ᠲᠠᠬᠢᠶᠠᠨ ᠦᠨᠳᠡᠭᠡ ᠶᠢᠨ ᠦᠨ᠎ᠡ ᠦᠰᠴᠡᠢ

2016-07-13 16:33

    ᠰᠤᠷᠪᠤᠯᠵᠢᠯᠠᠬᠴᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭ᠍ᠵᠢᠭᠦᠯᠦᠯᠲᠡ ᠶᠢᠨ ᠵᠦᠪᠯᠡᠯ ᠤᠨ ᠦᠨ᠎ᠡ ᠬᠠᠨᠭᠰᠢ ᠶᠢᠨ ᠰᠢᠯᠭᠠᠯᠲᠠ ᠶᠢᠨ ᠲᠦᠪ ᠡᠴᠡ ᠤᠶᠢᠯᠠᠭᠠᠬᠰᠠᠨ ᠢᠶᠡᠷ᠂ 6 ᠳ᠋ᠤᠭᠠᠷ ᠰᠠᠷ᠎ᠠ ᠳᠤ ᠦᠪᠦᠷ ᠮᠤᠨᠭᠭᠤᠯ ᠤᠨ ᠭᠠᠬᠠᠢ ᠶᠢᠨ ᠮᠢᠬ᠎ᠠ᠂ ᠲᠠᠬᠢᠶᠠᠨ ᠦᠨᠳᠡᠭᠡᠨ ᠦᠨ᠎ᠡ ᠦᠰᠴᠡᠢ᠃

    ᠰᠤᠳᠤᠯᠤᠯᠲᠠ ᠪᠡᠷ ᠳᠤᠲᠤᠷᠠᠭᠤᠯᠤᠬᠰᠠ ᠨᠢ᠂ ᠵᠠᠬ᠎ᠠ ᠵᠡᠭᠡᠯᠢ ᠶᠢᠨ ᠬᠡᠷᠡᠭᠴᠡᠭᠡ ᠶᠡᠬᠡ ᠡᠴᠡ ᠪᠤᠯᠵᠦ ᠭᠠᠬᠠᠢ ᠶᠢᠨ ᠮᠢᠬᠠᠨ ᠤ ᠦᠨ᠎ᠡ ᠵᠢᠯ ᠤᠨ ᠡᠬᠢᠨ ᠡᠴᠡ ᠠᠪᠤᠭᠠᠳ ᠪᠦᠷ ᠦᠰᠬᠦ ᠬᠠᠨᠳᠤᠯᠭ᠎ᠠ ᠲᠠᠢ ᠪᠠᠶᠢᠬᠰᠠᠨ ᠢᠶᠡᠨ 3 ᠳ᠋ᠤᠭᠠᠷ ᠰᠠᠷ᠎ᠠ ᠡᠴᠡ ᠡᠬᠢᠯᠡᠨ 2011 ᠤᠨ ᠤ 12 ᠰᠠᠷ᠎ᠠ ᠡᠴᠡ ᠨᠠᠰᠢᠬᠢ ᠬᠠᠮᠤᠬ ᠤᠨ ᠦᠨᠳᠦᠷ ᠦᠨ᠎ᠡ ᠵᠢ ᠰᠢᠨᠡᠳᠭᠡᠵᠦ᠂ ᠵᠢᠩ ᠪᠦᠷᠢ ᠳᠤ 13.47 ᠲᠦᠭᠦᠷᠢᠭ᠌ ᠬᠦᠷᠤᠭ᠍ᠰᠡᠨ ᠮᠦᠷᠲᠡᠭᠡᠨ ᠵᠠᠯᠭᠠᠪᠠᠷ ᠦᠰᠤᠭ᠍ᠰᠡᠨ ᠪᠠᠶᠢᠨ᠎ᠠ᠃ ᠭᠠᠬᠠᠢ ᠶᠢᠨ ᠮᠢᠬ᠎ᠠ ᠪᠤᠯᠤᠨ ᠭᠠᠬᠠᠢ ᠶᠢᠨ ᠦᠨ᠎ᠡ ᠦᠷᠭᠦᠯᠵᠢᠯᠡᠨ ᠦᠰᠤᠭ᠍ᠰᠡᠨ ᠡᠴᠡ ᠭᠠᠬᠠᠢ ᠲᠡᠵᠢᠭᠡᠬᠦ ᠡᠷᠦᠬᠡ ᠶᠢᠨ ᠢᠳᠡᠪᠬᠢᠵᠢᠯ ᠢ ᠳᠡᠭᠡᠭ᠍ᠰᠢᠯᠡᠭᠦᠯᠵᠦ᠂ 5᠂ 6 ᠳ᠋ᠤᠭᠠᠷ ᠰᠠᠷ᠎ᠠ ᠶᠢᠨ ᠭᠠᠬᠠᠢ ᠶᠢᠨ ᠲᠤᠷᠤᠢ ᠲᠡᠵᠢᠭᠡᠬᠦ ᠲᠤᠭ᠎ᠠ ᠨᠡᠮᠡᠭᠳᠡᠪᠡ᠃ ᠦᠨ᠎ᠡ ᠦᠰᠦᠭᠰᠡᠨ ᠨᠢ ᠪᠠᠰᠠ ᠨᠦᠭᠡᠴᠡ ᠭᠠᠬᠠᠢ ᠶᠢᠨ ᠮᠢᠬ᠎ᠠ ᠶᠢᠨ ᠵᠠᠬ᠎ᠡ ᠵᠡᠭᠡᠯᠢ ᠳᠤ ᠭᠠᠷᠬᠤ ᠵᠢ ᠦᠳᠦᠭᠡᠭ᠍ᠰᠡᠨ ᠪᠠᠶᠢᠨ᠎ᠡ᠃ ᠲᠦᠰᠦᠭᠡᠯᠡᠬᠦ ᠪᠡᠷ ᠭᠤᠷᠪᠠᠳᠤᠭᠠᠷ ᠤᠯᠠᠷᠢᠯ ᠳᠤ ᠭᠠᠬᠠᠢ ᠶᠢᠨ ᠮᠢᠬ᠎ᠠ ᠶᠢᠨ ᠵᠠᠬ᠎ᠠ ᠶᠢᠨ ᠠᠷᠠᠯᠵᠢᠶ᠎ᠠ ᠠᠨᠠᠢ ᠪᠤᠯᠵᠦ᠂ ᠭᠠᠬᠠᠢ ᠶᠢᠨ ᠮᠢᠬᠠᠨ ᠤ ᠦᠨ᠎ᠡ ᠶᠢᠨ ᠦᠰᠦᠯᠲᠡ ᠪᠠᠭᠤᠷᠠᠬᠤ ᠪᠤᠯᠤᠨ᠎ᠠ᠃

    ᠲᠠᠪᠤᠨ ᠰᠠᠷ᠎ᠠ ᠶᠢᠨ ᠰᠢᠨ᠎ᠠ ᠶᠢᠨ ᠲᠠᠪᠤᠨ ᠤ ᠪᠠᠶᠠᠷ ᠢᠶᠡᠷ ᠬᠦᠮᠦᠰ ᠤᠨ ᠬᠡᠷᠡᠭᠴᠡᠭᠡ ᠱᠠᠭᠠᠷᠳᠠᠯᠭ᠎ᠠ  ᠨᠡᠮᠡᠭᠳᠡᠵᠦ ᠲᠠᠬᠢᠶᠠᠨ ᠦᠨᠳᠡᠭᠡ ᠶᠢᠨ ᠦᠨ᠎ᠡ 6 ᠰᠠᠷ᠎ᠠ ᠶᠢᠨ ᠡᠬᠢᠨ ᠳᠤ ᠢᠯᠡᠷᠬᠡᠢ ᠦᠰᠪᠡ᠃ ᠤᠳᠤᠬᠠᠨ ᠳ᠋ᠦ ᠦᠨᠳᠡᠭᠡᠨ ᠲᠠᠬᠢᠶᠠᠨ  ᠤ ᠲᠤᠭ᠎ᠠ ᠤᠯᠠᠨ᠂ ᠡᠷᠳᠡᠨᠢ ᠰᠢᠰᠢ ᠶᠢᠨ ᠦᠨ᠎ᠡ ᠬᠠᠷᠢᠨ ᠤᠯᠠᠮ ᠡᠴᠡ ᠪᠠᠭᠤᠷᠠᠬᠤ ᠪᠤᠯᠤᠮᠵᠢ ᠲᠠᠢ᠃ ᠲᠡᠶᠢᠨᠬᠦ ᠦᠨᠳᠡᠭᠡᠨ ᠲᠠᠬᠢᠶ᠎ᠠ ᠲᠡᠵᠢᠬᠡᠬᠦ ᠦᠷᠲᠡᠭ ᠪᠠᠭᠠᠰᠴᠤ᠂ ᠭᠡᠮ ᠬᠢᠵᠢᠭ᠌ ᠦᠭᠡᠢ ᠪᠠᠶᠢᠳᠠᠯ ᠳᠤ ᠬᠤᠶᠢᠰᠢᠲᠠ ᠲᠠᠬᠢᠶᠠᠨ ᠦᠨᠳᠡᠭᠡ ᠶᠢᠨ ᠦᠨ᠎ᠡ ᠦᠰᠬᠦ ᠪᠤᠯᠤᠮᠵᠢ ᠲᠡᠶᠢᠮᠦ ᠶᠡᠬᠡ ᠪᠢᠰᠢ᠃

ᠢᠷᠡᠯᠳᠡ᠄ ᠦᠪᠦᠷ ᠮᠤᠨᠭᠭᠤᠯ ᠤᠨ ᠰᠤᠨᠢᠨ ᠮᠡᠳᠡᠭᠡᠨ ᠤ ᠰᠦᠯᠵᠢᠶ᠎ᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119213712