蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ ᠲᠠᠸᠠᠷ ᠤᠨ ᠭᠡᠷ ᠪᠠᠶᠢᠰᠢᠩ ᠤᠨ ᠬᠤᠳᠠᠯᠳᠤᠭᠤᠯᠤᠬᠰᠠᠨ ᠲᠠᠯᠠᠪᠠᠢ ᠨᠡᠮᠡᠭᠳᠡᠯ᠎ᠡ

2016-07-25 14:57

    ᠰᠢᠨᠬᠤᠸᠠ ᠬᠤᠷᠢᠶ᠎ᠠ  ᠬᠦᠬᠡᠬᠤᠲᠠ ᠶᠢᠨ 7 ᠰᠠᠷ᠎ᠠ ᠶᠢᠨ 13 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠳ᠋ᠦ᠋ᠩ ᠯᠦ) ᠰᠤᠷᠪᠤᠯᠵᠢᠯᠠᠬᠴᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠬᠡᠯ ᠤᠨ ᠲᠤᠪᠴᠢᠶ᠎ᠠ ᠡᠴᠡ ᠤᠶᠢᠯᠠᠭᠠᠬᠰᠠᠨ ᠢᠶᠡᠷ᠂ ᠦᠩᠭᠡᠷᠡᠭᠰᠡᠨ ᠬᠠᠭᠠᠰ ᠵᠢᠯ ᠳᠤ ᠦᠪᠦᠷ ᠮᠤᠨᠭᠭᠤᠯ ᠤᠨ ᠲᠠᠸᠠᠷ ᠤᠨ ᠭᠡᠷ ᠪᠠᠶᠢᠰᠢᠩ ᠤᠨ ᠪᠤᠷᠤᠯᠠᠭᠤᠯᠤᠬᠰᠠᠨ ᠲᠠᠯᠠᠪᠠᠢ 668.4 ᠲᠦᠮᠡᠨ ᠺᠦᠸᠠᠳ᠋ ᠮᠧᠲ᠋ᠷ᠂ ᠪᠤᠷᠤᠯᠠᠭᠤᠯᠤᠬᠰᠠᠨ ᠦᠷᠲᠡᠭ 288.7 ᠳ᠋ᠦ᠋ᠩᠰᠢᠭᠤᠷ ᠲᠦᠭᠦᠷᠢᠭ᠌ ᠬᠦᠷᠴᠦ᠂ ᠦᠩᠭᠡᠷᠡᠭᠰᠡᠨ ᠤᠨ ᠤ ᠮᠦᠨ ᠦᠶ᠎ᠡ ᠡᠴᠡ ᠲᠤᠰᠪᠤᠷᠢ 17.0%᠂ 11.8% ᠪᠡᠷ ᠦᠰᠴᠦ᠂ ᠦᠰᠦᠯᠲᠡ ᠶᠢᠨ ᠪᠠᠶᠢᠳᠠᠯ ᠦᠩᠭᠡᠷᠭ᠍ᠰᠡᠨ ᠤᠨ ᠡᠴᠡ ᠮᠡᠳᠡᠭᠳᠡᠮ᠎ᠡ ᠰᠠᠶᠢᠨ ᠪᠠᠶᠢᠨ᠎ᠠ᠃

    ᠪᠦᠷᠢᠳᠬᠡᠯ ᠡᠴᠡ ᠲᠤᠳᠤᠷᠠᠭᠤᠯᠪᠠᠯ᠂ ᠡᠨᠡ ᠤᠨ ᠤ ᠲᠠᠪᠤᠨ ᠰᠠᠷ᠎ᠠ ᠶᠢᠨ ᠰᠡᠭᠦᠯᠴᠢ ᠪᠤᠯᠲᠠᠯ᠎ᠠ᠂ ᠦᠪᠦᠷ ᠮᠤᠨᠭᠭᠤᠯ ᠤᠨ ᠲᠠᠸᠠᠷ ᠤᠨ ᠭᠡᠷ ᠪᠠᠶᠢᠰᠢᠩ ᠤᠨ ᠬᠤᠳᠠᠯᠳᠤᠬᠤ ᠪᠡᠷ ᠪᠡᠯᠡᠬᠡᠨ ᠪᠤᠯᠤᠬᠰᠠᠨ ᠲᠠᠯᠠᠪᠠᠢ 1420.68 ᠲᠦᠮᠡᠨ ᠺᠦᠸᠠᠳ᠋ ᠮᠧᠲ᠋ᠷ᠂ ᠦᠩᠭᠡᠷᠡᠭᠰᠡᠨ ᠤᠨ ᠤ ᠮᠦᠨ ᠦᠶ᠎ᠠ ᠡᠴᠡ 163.48 ᠲᠦᠮᠡᠨ ᠺᠦᠸᠠᠳ᠋ ᠮᠧᠲ᠋ᠷ ᠨᠡᠮᠡᠭᠳᠡᠵᠦ᠂ 13.0% ᠪᠡᠷ ᠦᠰᠴᠡᠢ᠃ ᠲᠡᠶᠢᠨᠬᠦ ᠭᠡᠷ ᠬᠦᠷᠦᠩᠭᠡ ᠶᠢᠨ ᠬᠤᠳᠠᠯᠳᠤᠭᠠᠴᠢᠳ ᠤᠨ ᠳᠠᠷᠤᠬᠳᠠᠵᠦ ᠪᠠᠶᠢᠭ᠎ᠠ ᠭᠡᠷ ᠪᠠᠶᠢᠰᠢᠩ ᠪᠠᠰᠠ ᠴᠤ ᠴᠥᠭᠡᠨ ᠪᠤᠰᠤ ᠪᠤᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119275636