蒙古文网站Logo
ᠰᠢᠨᠬᠤᠸᠠ ᠮᠤᠩᠭ᠋ᠤᠯ ᠨᠧᠲ

ᠦᠩᠭᠡᠷᠡᠭᠰᠡᠨ ᠬᠠᠭᠠᠰ ᠵᠢᠯ ᠳ᠋ᠤ ᠦᠪᠦᠷ ᠮᠤᠨᠭᠭᠤᠯ ᠤᠨ ᠵᠢᠭᠤᠯᠴᠢᠯᠠᠯ ᠤᠨ ᠤᠷᠤᠯᠭ᠎ᠠ 802 ᠳ᠋ᠦ᠋ᠩᠰᠢᠭᠤᠷ ᠶᠤᠸᠠᠨ ᠬᠦᠷᠪᠡ

2016-08-03 16:35

    ᠰᠢᠨᠬᠤᠸᠠ ᠨᠧᠲ  ᠬᠦᠬᠡᠬᠤᠲᠠ ᠶᠢᠨ 8 ᠰᠠᠷ᠎ᠠ ᠶᠢᠨ 2 ᠤ᠋᠋ᠨ ᠡᠳᠦᠷ ᠤᠨ ᠴᠠᠬᠢᠯᠭᠠᠨ ᠮᠡᠳᠡᠭᠡ(ᠼᠤᠤ ᠵᠧᠨ) ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠠᠶᠠᠯᠠᠯ ᠵᠢᠭᠤᠯᠴᠢᠯᠠᠯ ᠤᠨ ᠲᠤᠪᠴᠢᠶ᠎ᠠ ᠶᠢᠨ 2 ᠤ᠋᠋ᠨ ᠡᠳᠦᠷ ᠤᠨ ᠮᠡᠳᠡᠭᠡᠯᠡᠭ᠍ᠰᠡᠨ ᠢᠶᠡᠷ᠂ 2016 ᠤᠨ ᠤ ᠦᠩᠭᠡᠷᠡᠭᠰᠡᠨ ᠬᠠᠭᠠᠰ ᠵᠢᠯ ᠳᠤ ᠦᠪᠦᠷ ᠮᠤᠨᠭᠭᠤᠯ ᠤᠨ ᠵᠢᠭᠤᠯᠴᠢᠯᠠᠯ ᠤᠨ ᠦᠢᠯᠡᠰ ᠲᠤᠬᠲᠠᠪᠤᠷᠢᠲᠠᠢ ᠬᠦᠭ᠍ᠵᠢᠨ᠂ ᠳᠠᠪᠬᠤᠷᠳᠠᠬᠰᠠᠨ ᠲᠤᠭ᠎ᠠ ᠪᠡᠷ ᠨᠡᠶᠢᠲᠡ 3160.34 ᠲᠦᠮᠡᠨ ᠵᠢᠭᠤᠯᠴᠢᠳ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠤᠷᠤᠯᠭ᠎ᠠ 802 ᠳ᠋ᠦ᠋ᠩᠰᠢᠭᠤᠷ ᠶᠤᠸᠠᠨ ᠳᠤ ᠬᠦᠷᠴᠦ ᠠᠶᠠᠯᠠᠯ ᠵᠢᠭᠤᠯᠴᠢᠯᠠᠯ ᠤᠨ ᠤᠷᠤᠯᠭ᠎ᠠ ᠲᠦᠷᠭᠡᠨ ᠨᠡᠮᠡᠭᠳᠡᠵᠡᠢ᠃ ᠋

    ᠦᠪᠦᠷ ᠮᠤᠨᠭᠭᠤᠯ ᠤᠨ ᠠᠶᠠᠯᠠᠯ ᠵᠢᠭᠤᠯᠴᠢᠯᠠᠯ ᠤᠨ ᠲᠤᠪᠴᠢᠶ᠎ᠠ ᠶᠢᠨ ᠨᠡᠶᠢᠲᠡᠯᠡᠭᠰᠡᠨ ᠢᠶᠡᠷ᠂ ᠦᠪᠦᠷ ᠮᠤᠨᠭᠭᠤᠯ ᠤᠨ ᠦᠩᠭᠡᠷᠡᠭᠰᠡᠨ ᠬᠠᠭᠠᠰ ᠵᠢᠯ ᠤᠨ ᠵᠢᠭᠤᠯᠴᠢᠳ ᠤᠨ ᠲᠤᠭ᠎ᠠ ᠦᠩᠭᠡᠷᠡᠭᠰᠡᠨ ᠤᠨ ᠤ ᠮᠦᠨ ᠦᠶ᠎ᠡ ᠡᠴᠡ 11.68% ᠪᠡᠷ ᠨᠡᠮᠡᠭᠳᠡᠵᠦ᠂ ᠵᠢᠭᠤᠯᠴᠢᠯᠠᠯ ᠤᠨ ᠶᠡᠷᠦᠩᠬᠡᠢ ᠤᠷᠤᠯᠭ᠎ᠠ ᠦᠩᠭᠡᠷᠡᠭᠰᠡᠨ ᠤᠨ ᠤ ᠮᠦᠨ ᠦᠶ᠎ᠡ ᠡᠴᠡ 23.38% ᠪᠡᠷ ᠦᠰᠴᠡᠢ᠃ ᠡᠭᠦᠨ ᠤ ᠵᠡᠷᠭᠡᠴᠡᠭᠡ ᠵᠢᠭᠤᠯᠴᠢᠯᠠᠯ ᠤᠨ ᠲᠦᠰᠦᠯ ᠳᠡᠬᠢ ᠬᠦᠷᠦᠩᠭᠡ ᠤᠷᠤᠭᠤᠯᠤᠯᠲᠠ 172 ᠳ᠋ᠦ᠋ᠩᠰᠢᠭᠤᠷ ᠶᠤᠸᠠᠨ᠂ ᠦᠩᠭᠡᠷᠡᠭᠰᠡᠨ ᠤᠨ ᠤ ᠮᠦᠨ ᠦᠶ᠎ᠡ ᠡᠴᠡ 21.98% ᠪᠡᠷ ᠦᠰᠴᠦ᠂ ᠵᠤᠬᠢᠶᠠᠨ ᠪᠠᠶᠢᠭᠤᠯᠤᠬᠳᠠᠵᠦ ᠪᠠᠶᠢᠭ᠎ᠠ ᠲᠦᠰᠦᠯ ᠨᠡᠶᠢᠲᠡ225 ᠪᠠᠶᠢᠵᠦ᠂ ᠡᠭᠦᠨ ᠳᠤ ᠰᠢᠨ᠎ᠡ ᠪᠡᠷ ᠪᠤᠢ ᠪᠤᠯᠤᠬᠰᠠᠨ ᠨᠢ 43᠂ ᠦᠷᠭᠦᠯᠵᠢᠯᠡᠨ ᠠᠵᠢᠯᠯᠠᠭᠤᠯᠵᠦ ᠪᠠᠶᠢᠭ᠎ ᠠ ᠨᠢ 182 ᠪᠤᠯᠤᠨ᠎ᠠ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119331191