蒙古文网站Logo
ᠰᠢᠨᠬᠤᠸᠠ ᠮᠤᠩᠭ᠋ᠤᠯ ᠨᠧᠲ

7 ᠰᠠᠷ᠎ᠠ ᠳᠤ CPI ᠍ ᠤᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠵᠠᠭᠤᠨ ᠤ 1.8 ᠍ ᠪᠠᠷ ᠨᠡᠮᠡᠭᠳᠡᠪᠡ

2016-08-10 17:15

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ 8 ᠰᠠᠷ᠎ᠠ ᠶᠢᠨ 9 ᠍ ᠦ ᠡᠳᠦᠷ ᠦᠨ ᠮᠡᠳᠡᠭᠡ ᠶᠢ ᠦᠨᠳᠦᠰᠦᠯᠡᠪᠡᠯ ᠂ ᠤᠯᠤᠰ ᠤᠨ ᠲᠣᠭ᠎ᠠ ᠪᠦᠷᠢᠳᠬᠡᠯ ᠦᠨ ᠲᠣᠪᠴᠢᠶᠠᠨ ᠤ 9 ᠍ ᠦ ᠡᠳᠦᠷ ᠨᠡᠶᠢᠲᠡᠯᠡᠭᠰᠡᠨ ᠲᠣᠭ᠎ᠠ ᠪᠠᠷᠢᠮᠲᠠ ᠪᠡᠷ 7 ᠰᠠᠷ᠎ᠠ ᠳᠤ ᠪᠥᠬᠦ ᠤᠯᠤᠰ ᠤᠨ ᠰᠠᠭᠤᠭᠠᠯᠢ ᠠᠷᠠᠳ ᠤᠨ ᠬᠡᠷᠡᠭᠯᠡᠬᠡᠨ ᠦ ᠦᠨ᠎ᠡ ᠬᠠᠩᠰᠢ ᠶᠢᠨ ᠶᠡᠷᠦᠩᠬᠡᠢ ᠲᠥᠪᠰᠢᠨ᠂ ᠥᠭᠡᠷ᠎ᠡ ᠪᠡᠷ ᠬᠡᠯᠡᠪᠡᠯ CPI ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠵᠠᠭᠤᠨ ᠤ 1.8 ᠍ ᠪᠠᠷ ᠨᠡᠮᠡᠭᠳᠡᠵᠦ᠂ ᠨᠡᠮᠡᠭᠳᠡᠯ ᠦᠨ ᠬᠡᠮᠵᠢᠶ᠎ᠡ ᠨᠢ ᠳᠡᠭᠡᠷ᠎ᠡ ᠰᠠᠷ᠎ᠠ ᠶᠢᠨ ᠬᠢ ᠠᠴᠠ ᠵᠠᠭᠤᠨ ᠤ 0.1 ᠍ ᠪᠠᠷ ᠪᠠᠭᠤᠷᠠᠭᠰᠠᠨ ᠪᠠᠶᠢᠨ᠎ᠠ᠃

    7 ᠰᠠᠷ᠎ᠠ ᠳᠤ ᠢᠳᠡᠭᠡᠨ ᠤᠮᠳᠠᠭᠠᠨ᠂ ᠠᠷᠢᠬᠢ ᠲᠠᠮᠠᠬᠢᠨ ᠤ ᠦᠨ᠎ᠡ ᠬᠠᠩᠰᠢ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠵᠠᠭᠤᠨ ᠤ 2.8 ᠍ ᠢᠶᠠᠷ ᠨᠡᠮᠡᠭᠳᠡᠵᠦ᠂ ᠡᠨᠡ ᠨᠢ CPI ᠍ ᠦᠨ ᠬᠡᠮᠵᠢᠶ᠎ᠡ ᠶᠢ ᠵᠠᠭᠤᠨ ᠤ 0.83 ᠍ ᠪᠠᠷ ᠨᠡᠮᠡᠭᠳᠡᠭᠦᠯᠦᠭᠰᠡᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119370269