蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠮᠤᠨᠭᠭᠤᠯ ᠤᠨ ᠬᠢᠯᠢ ᠶᠢᠨ ᠢᠷᠭᠡᠳ ᠤᠨ ᠵᠠᠬ᠎ᠠ ᠶᠢᠨ ᠠᠷᠠᠯᠵᠢᠶᠠᠨ  ᠤ ᠪᠦᠰᠡ ᠵᠢ ᠡᠷᠢᠶᠡᠨ ᠬᠤᠲᠠ ᠳᠤ ᠲᠤᠷᠰᠢᠨ ᠠᠵᠢᠯᠯᠠᠭᠤᠯᠤᠯ᠎ᠠ

2016-08-16 18:08

    ᠰᠢᠨᠬᠤᠸᠠ ᠨᠧᠲ  ᠬᠦᠬᠡᠬᠤᠲᠠ ᠶᠢᠨ 8 ᠰᠠᠷ᠎ ᠠ ᠶᠢᠨ16 ᠤ᠋ ᠡᠳᠦᠷ ᠤᠨ ᠴᠠᠬᠢᠯᠭᠠᠨ ᠮᠡᠳᠡᠭᠡ᠂ ᠤᠶᠢᠷ᠎ᠠ ᠶᠢᠨ ᠡᠳᠦᠷ ᠤᠳ ᠲᠤ ᠪᠤᠭᠤᠷᠰᠤᠬ᠂ ᠤᠮᠳᠠᠭᠠᠨ᠂ ᠵᠦᠭᠡᠢ ᠶᠢᠨ ᠪᠠᠯ᠂ ᠱᠤᠺᠤᠯᠠᠳ᠋᠂ ᠬᠡᠪᠢᠰ ᠵᠡᠷᠭᠡ ᠶᠠᠩᠵᠦ ᠪᠦᠷᠢ ᠶᠢᠨ ᠪᠠᠷᠠᠭ᠎ᠠ ᠨᠤᠭᠤᠳ ᠡᠷᠢᠶᠡᠨ ᠬᠤᠲᠠ ᠳᠡᠬᠢ ᠳᠤᠮᠳᠠᠳᠤ ᠮᠤᠨᠭᠭᠤᠯ ᠤᠨ ᠬᠢᠯᠢ ᠶᠢᠨ ᠢᠷᠭᠡᠳ ᠤᠨ ᠵᠠᠬ᠎ᠠ ᠶᠢᠨ ᠠᠷᠠᠯᠵᠢᠶᠠᠨ ᠤ ᠪᠦᠰᠡ  ᠳᠤ ᠳᠡᠯᠭᠡᠭ᠍ᠳᠡᠯ᠎ᠠ᠃ ᠦᠪᠦᠷ ᠮᠤᠨᠭᠭᠤᠯ ᠤᠨ ᠬᠢᠯᠢ ᠶᠢᠨ ᠪᠤᠭᠤᠮᠲᠠ ᠶᠢᠨ ᠬᠢᠨᠠᠨ ᠰᠢᠯᠭᠠᠬᠤ ᠲᠤᠪᠴᠢᠶ᠎ᠠ ᠶᠢᠨ ᠮᠡᠳᠡᠭᠡ ᠵᠢ ᠦᠨᠳᠦᠰᠦᠯᠡᠪᠡᠯ᠂ ᠲᠤᠰ ᠲᠤᠪᠴᠢᠶ᠎ᠠ ᠶᠢᠨ ᠬᠢᠨᠠᠨ ᠰᠢᠯᠭᠠᠯᠲᠠ ᠵᠢ ᠦᠩᠭᠡᠷᠡᠭᠡᠭ᠍ᠰᠡᠨ ᠮᠤᠨᠭᠭᠤᠯ ᠤᠯᠤᠰ ᠤᠨ 15 ᠲᠦᠷᠦᠯ ᠤᠨ 133 ᠲᠠᠸᠠᠷ 8 ᠰᠠᠷ᠎ᠠ ᠶᠢᠨ 12 ᠤᠨ ᠡᠳᠦᠷ ᠡᠴᠡ ᠡᠬᠢᠯᠡᠨ ᠵᠢᠩᠬᠢᠨᠢ ᠪᠡᠷ ᠠᠷᠠᠯᠵᠢᠶᠠᠨ ᠤ ᠵᠠᠬ᠎ᠠ ᠳᠤ ᠪᠤᠷᠤᠯᠠᠭᠤᠯᠤᠬᠳᠠᠵᠠᠢ᠃

    ᠡᠷᠢᠶᠠᠨ ᠬᠣᠲᠠ ᠳᠡᠬᠢ ᠳᠤᠮᠳᠠᠳᠤ ᠮᠤᠨᠭᠭᠤᠯ ᠤᠨ ᠬᠢᠯᠢ ᠶᠢᠨ ᠢᠷᠭᠡᠳ ᠤᠨ ᠵᠠᠬ᠎ᠠ ᠶᠢᠨ ᠠᠷᠠᠯᠵᠢᠶᠠᠨ ᠤ ᠪᠦᠰᠡ ᠵᠢ 8 ᠰᠠᠷ᠎ᠠ ᠶᠢᠨ 4 ᠤ᠋ ᠡᠳᠦᠷ ᠡᠴᠡ 3 ᠰᠠᠷ᠎ᠠ ᠶᠢᠨ ᠬᠤᠭᠤᠴᠠᠭ᠎ᠠ ᠲᠠᠢ ᠪᠡᠷ ᠲᠤᠷᠰᠢᠨ ᠠᠵᠢᠯᠯᠠᠭᠤᠯᠬᠤ ᠪᠡᠷ ᠡᠬᠢᠯᠡᠭᠦᠯᠦᠯ᠎ᠡ᠃ ᠠᠷᠠᠯᠵᠢᠶᠠᠨ ᠤ ᠪᠦᠰᠡ ᠵᠢ ᠬᠢᠯᠢ ᠶᠢᠨ ᠢᠷᠭᠡᠳ ᠤᠨ ᠬᠠᠷᠢᠯᠴᠠᠨ ᠰᠤᠯᠢᠯᠴᠠᠬᠤ ᠵᠠᠬ᠎ᠠ ᠵᠡᠭᠡᠯᠢ᠂ ᠠᠴᠢᠶ᠎ᠠ ᠲᠡᠭᠡᠭᠡᠪᠤᠷᠢ᠂ ᠴᠠᠬᠢᠮ ᠬᠤᠳᠠᠯᠳᠤᠭᠠᠨ ᠤ ᠳᠡᠪᠴᠡᠩ᠂ ᠬᠢᠯᠢ ᠳᠠᠮᠨᠠᠬᠰᠠᠨ ᠨᠢᠭᠡᠳᠭᠡᠯ ᠬᠤᠳᠠᠯᠳᠤᠭᠠᠨ ᠤ ᠳᠡᠪᠴᠡᠩ᠂ ᠳᠤᠮᠳᠠᠳᠤ ᠮᠣᠩᠭᠣᠯ ᠤᠨ ᠪᠤᠭᠤᠮᠳᠠ ᠶᠢᠨ ᠬᠤᠳᠠᠯᠳᠤᠭ᠎ᠠ ᠵᠢᠭᠤᠯᠴᠢᠯᠠᠯ ᠵᠠᠷᠭᠡ ᠳᠤ ᠬᠣᠪᠢᠶᠠᠵᠠᠢ᠃ ᠡᠷᠡᠰᠳᠡᠯ ᠢ ᠰᠡᠷᠭᠡᠶᠢᠯᠡᠵᠤ ᠲᠠᠸᠠᠷ ᠤᠨ ᠴᠢᠨᠠᠷ ᠤᠨ ᠠᠶᠤᠯᠭᠦᠢ ᠵᠢ ᠪᠠᠲᠤᠯᠠᠬᠤ ᠶᠢᠨ ᠲᠤᠰᠠᠲᠠ᠂ ᠡᠷᠢᠶᠡᠨ ᠬᠤᠲᠠ ᠶᠢᠨ ᠬᠢᠨᠠᠨ ᠰᠢᠯᠭᠠᠬᠤ ᠲᠤᠪᠴᠢᠶ᠎ᠠ ᠡᠨᠡᠬᠦ ᠵᠠᠬ᠎ᠠ ᠶᠢᠨ ᠠᠷᠠᠯᠵᠢᠶᠠᠨ ᠤ ᠪᠦᠰᠡ ᠶᠢᠨ ᠲᠠᠸᠠᠷ ᠢ ᠲᠦᠷᠦᠯᠵᠢᠭᠦᠯᠦᠨ ᠬᠠᠮᠢᠶᠠᠷᠴᠤ᠂ ᠡᠷᠡᠰᠳᠡᠯ ᠤᠨ ᠳᠡᠰ ᠦᠨᠳᠦᠷ ᠲᠠᠸᠠᠷ ᠲᠤ ᠴᠢᠨᠠᠷ ᠤᠨ ᠠᠶᠤᠯᠭᠦᠢ ᠶᠢᠨ ᠡᠷᠡᠰᠳᠡᠯ ᠤᠨ ᠰᠢᠯᠭᠠᠯᠲᠠ ᠬᠢᠨ᠎ᠡ᠃ ᠡᠬᠦᠨ ᠤ ᠵᠡᠷᠭᠡᠪᠡᠷ ᠪᠤᠭᠤᠮᠲᠠ ᠶᠢᠨ ᠬᠤᠯᠪᠤᠭᠠᠯᠠᠨ ᠰᠢᠯᠭᠠᠬᠤ ᠠᠯᠪᠠᠨ ᠨᠤᠭᠤᠳ ᠬᠠᠮᠲᠤᠷᠠᠯᠴᠠᠭ᠎ᠠ ᠪᠠᠨ ᠴᠢᠨᠭᠭᠠᠳᠬᠠᠵᠦ᠂ ᠬᠢᠯᠢ ᠶᠢᠨ ᠢᠷᠭᠡᠳ ᠤᠨ ᠵᠠᠬ᠎ᠠ ᠶᠢᠨ ᠠᠷᠠᠯᠵᠢᠶᠠᠨ ᠤ ᠪᠦᠰᠡ ᠶᠢᠨ ᠬᠢᠨᠠᠨ ᠰᠢᠯᠭᠠᠯᠲᠠ ᠶᠢᠨ ᠰᠠᠭᠤᠷᠢ ᠲᠦᠭᠦᠭᠡᠷᠦᠮᠵᠢ ᠵᠢ ᠲᠠᠭᠦᠯᠳᠡᠷᠵᠢᠭᠦᠯᠤᠨ ᠪᠤᠭᠤᠮᠲᠠ ᠪᠡᠷ ᠤᠷᠤᠭᠤᠯᠬᠤ ᠲᠠᠸᠠᠷ ᠮᠠᠨ ᠤ ᠤᠯᠤᠰ ᠤᠨ ᠬᠠᠮᠢᠶ᠎ᠠ ᠪᠦᠬᠦᠢ ᠪᠠᠷᠢᠮᠵᠢᠶᠠᠨ ᠳᠤ ᠨᠡᠶᠢᠴᠡᠬᠦ ᠵᠢ ᠪᠠᠲᠤᠯᠠᠵᠦ ᠪᠤᠢ᠃ (ᠸᠠᠩ ᠢᠦᠢ ᠹᠧᠩ᠂ ᠸᠠᠩ ᠷᠦᠩ)

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119401952