蒙古文网站Logo
ᠰᠢᠨᠬᠤᠸᠠ ᠮᠤᠩᠭ᠋ᠤᠯ ᠨᠧᠲ

2016 ᠤᠨ ᠤ ᠲᠤᠮᠲᠠᠲᠤ ᠤᠯᠤᠰ ᠤᠨ 500 ᠬᠦᠴᠦᠷᠬᠡᠭ᠌ ᠠᠵᠤ ᠠᠬᠤᠢᠢᠯᠠᠯ ᠢ ᠨᠡᠢᠢᠲᠡᠯᠡᠪᠡ

2016-08-28 18:13

    ᠰᠢᠨᠬᠤᠸᠠ ᠬᠤᠷᠢᠶ᠎ᠠ   ᠴᠠᠩᠱᠠ ᠶᠢᠨ 8 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠲᠠᠨ ᠮᠦᠸᠸ ᠰᠢᠶᠤᠤ᠂ ᠪᠠᠢ ᠲᠢᠶᠠᠨ ᠲᠢᠶᠠᠨ ) 27 ᠤ ᠡᠲᠦᠷ᠂ ᠲᠤᠮᠲᠠᠲᠤ ᠤᠯᠤᠰ ᠤᠨ ᠠᠵᠤ ᠠᠬᠤᠢᠢᠯᠠᠯ ᠤᠨ ᠬᠤᠯᠪᠤᠭᠠᠲᠤ ᠬᠤᠷᠠᠯ᠂ ᠲᠤᠮᠲᠠᠲᠤ ᠤᠯᠤᠰ ᠤᠨ ᠠᠵᠤ ᠠᠬᠤᠢᠢᠯᠠᠯ ᠤᠳ ᠤᠨ ᠬᠤᠯᠪᠤᠭ᠎ᠠ ᠬᠤᠨᠠᠨ ᠤ ᠴᠠᠩᠱᠠ ᠳ᠋ᠤ ᠨᠡᠢᠢᠲᠡᠯᠡᠭᠰᠡᠨ 2016 ᠤᠨ ᠤ ᠲᠤᠮᠲᠠᠲᠤ ᠤᠯᠤᠰ ᠤᠨ 500 ᠬᠦᠴᠦᠷᠬᠡᠭ᠌ ᠠᠵᠤ ᠠᠬᠤᠢᠢᠯᠠᠯ ᠤᠨ ᠵᠠᠷᠯᠠᠯ ᠳ᠋ᠤ 2016 ᠤᠨ ᠤ ᠲᠤᠮᠲᠠᠲᠤ ᠤᠯᠤᠰ ᠤᠨ 500 ᠬᠦᠴᠦᠷᠬᠡᠭ᠌ ᠠᠵᠤ ᠠᠬᠤᠢᠢᠯᠠᠯ ᠤᠨ ᠡᠵᠡᠩᠨᠡᠯᠲᠡ ᠶᠢᠨ ᠤᠷᠤᠯᠭ᠎ᠠ ᠶᠢᠨ ᠨᠡᠢᠢᠲᠡ ᠬᠡᠮᠵᠢᠶ᠎ᠠ ᠨᠢᠲᠤᠨᠤᠨ ᠤ ᠬᠢ ᠡᠴᠡ 0.07% ᠪᠠᠭᠤᠷᠠᠪᠠ᠂ ᠡᠨᠡ ᠨᠢ ᠲᠤᠰ ᠵᠠᠷᠯᠠᠯ ᠢ ᠨᠡᠢᠢᠲᠡᠯᠡᠭᠰᠡᠨ ᠡᠴᠡ ᠨᠠᠭᠠᠰᠢᠬᠢ 15 ᠵᠢᠯ ᠠᠩᠬ᠎ᠠ ᠤᠲᠠᠭ᠎ᠠ ᠪᠠᠭᠤᠷᠠᠵᠤ ᠪᠠᠢᠢᠨ᠎ᠠ᠃ ᠭᠡᠪᠡᠴᠦ ᠠᠵᠤ ᠦᠢᠯᠡᠰ ᠤᠨ ᠪᠦᠲᠦᠴᠡ ᠰᠢᠯᠢᠲᠡᠭᠵᠢᠬᠦ ᠬᠠᠨᠲᠤᠰᠢ ᠲᠠᠢ ᠪᠠᠢᠢᠵᠤ᠂ ᠰᠢᠨ᠎ᠡ ᠡᠷᠴᠢ ᠬᠦᠴᠦᠨ᠂ ᠭᠢᠯᠠᠰ ᠴᠢᠭ᠌ ᠬᠠᠷᠠᠭᠲᠠᠵᠤ ᠪᠤᠢ ᠭᠡᠵᠡᠢ᠃

    ᠵᠠᠷᠯᠠᠯ ᠳ᠋ᠤ ᠤᠯᠤᠰ ᠤᠨ ᠴᠠᠬᠢᠯᠭᠠᠨ ᠲᠤᠤᠷ 20713.49 ᠳ᠋ᠦᠩᠰᠢᠭᠤᠷ ᠲᠦᠭᠦᠷᠢᠭ᠌ ᠤᠨ ᠡᠵᠡᠩᠨᠡᠯᠲᠡ ᠶᠢᠨ ᠤᠷᠤᠯᠭ᠎ᠠ ᠪᠡᠷ ᠲᠡᠷᠢᠭᠦᠨ ᠪᠠᠢᠢᠷᠢᠨ ᠳ᠋ᠤᠵᠢᠭ‍ᠰᠠᠭᠠᠭᠲᠠᠵᠤ᠂ ᠲᠤᠮᠲᠠᠲᠤ ᠤᠯᠤᠰ ᠤᠨ ᠴᠢᠯᠠᠭᠤᠨ ᠲᠤᠰᠤ᠂ ᠲᠤᠮᠲᠠᠲᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠭ᠍ᠲᠡᠬᠦᠨ᠂ᠦᠢᠯᠡᠳᠪᠦᠷᠢ ᠬᠤᠲᠠᠯᠲᠤᠭᠠᠨ ᠤ ᠪᠠᠩᠬᠢ᠂ ᠪᠦᠲᠦᠭᠡᠨ ᠪᠠᠢᠢᠭᠤᠯᠤᠯᠲᠠ ᠶᠢᠨ ᠪᠠᠩᠬᠢ᠂ ᠲᠤᠮᠲᠠᠲᠤ ᠤᠯᠤᠰ ᠤᠨ ᠪᠠᠷᠢᠯᠭ᠎ᠠ᠂ ᠲᠠᠷᠢᠶᠠᠯᠠᠩ ᠤᠨ ᠪᠠᠩᠬᠢ᠂ ᠲᠤᠮᠲᠠᠲᠤ ᠤᠯᠤᠰ ᠤᠨ ᠪᠠᠩᠬᠢ᠂ ᠲᠤᠮᠲᠠᠲᠤ ᠤᠯᠤᠰ ᠤᠨ ᠫᠢᠩ ᠠᠨ ᠲᠠᠭᠠᠳᠬᠠᠯ᠂ ᠲᠤᠮᠲᠠᠲᠤ ᠤᠯᠤᠰ ᠤᠨ ᠰᠢᠯᠵᠢᠮᠡᠯ ᠬᠤᠯᠪᠤᠭ᠎ᠠ ᠲᠦᠷᠦᠭᠦᠦ ᠠᠷᠪᠠ ᠳ᠋ᠤ ᠵᠢᠭ‍ᠰᠠᠭᠠᠭᠲᠠᠪᠠ᠃

(图表)[今日关注·中国企业500强]中国企业500强营业收入首现负增长 产业结构趋于优化

(图表·漫画)[今日关注·中国企业500强]“新枝”

(图表·漫画)[今日关注·中国企业500强]分化

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119467700