蒙古文网站Logo
ᠰᠢᠨᠬᠤᠸᠠ ᠮᠤᠩᠭ᠋ᠤᠯ ᠨᠧᠲ

19 ᠳ᠋ᠤᠭᠡᠷ ᠬᠤᠭᠤᠴᠠᠭᠠᠨ ᠤ ᠦᠪᠦᠷ ᠮᠤᠨᠭᠭᠤᠯ ᠤᠨ ᠤᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ ᠨᠡᠭᠡᠭᠡᠯᠲᠡ ᠪᠠᠨ ᠬᠢᠯ᠎᠎ᠠ

2016-08-30 16:42

    8 ᠰᠠᠷ᠎ᠠ ᠶᠢᠨ 28 ᠤ᠋ ᠡᠳᠦᠷ 2016 ᠤᠨ ᠤ 19 ᠳ᠋ᠤᠭᠡᠷ ᠬᠤᠭᠤᠴᠠᠭᠠᠨ ᠤ ᠦᠪᠦᠷ ᠮᠤᠨᠭᠭᠤᠯ ᠤᠨ ᠤᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ ᠤᠯᠠᠭᠠᠨᠬᠠᠳᠠ ᠬᠤᠲᠠ ᠶᠢᠨ ᠤᠯᠠᠨ ᠤᠯᠤᠰ ᠤᠨ ᠳᠡᠯᠭᠡᠨ ᠦᠵᠡᠭᠦᠯᠦᠯᠭᠡ ᠶᠢᠨ ᠲᠦᠪ ᠲᠤ ᠨᠡᠭᠡᠭᠡᠯᠲᠡ ᠪᠠᠨ ᠬᠢᠯ᠎ᠠ᠃

    3 ᠡᠳᠦᠷ ᠤᠨ ᠬᠤᠭᠤᠴᠠᠭ᠎ᠠ ᠲᠠᠢ ᠦᠷᠭᠦᠯᠵᠢᠯᠡᠬᠦ ᠲᠤᠰ ᠦᠵᠡᠰᠭᠦᠯᠡᠩ ᠨᠢ ᠲᠠᠷᠢᠶᠯᠠᠩ ᠳᠤ ᠬᠡᠷᠡᠭᠯᠡᠬᠦ ᠡᠳ᠋ ᠪᠠᠷᠠᠭᠠᠨ ᠤ ᠦᠵᠡᠭᠦᠯᠦᠯᠭᠡ᠂ ᠤᠰᠤ ᠠᠷᠪᠢᠯᠠᠬᠤ ᠤᠰᠤᠯᠠᠯᠲᠠ ᠶᠢᠨ ᠲᠦᠬᠦᠭᠡᠷᠦᠮᠵᠢ ᠶᠢᠨ ᠦᠵᠡᠭᠦᠯᠦᠯᠭᠡ᠂ ᠴᠢᠬᠢ ᠮᠤᠳᠤ ᠴᠡᠴᠡᠭ᠌ ᠡᠪᠡᠰᠦᠨ ᠤ ᠦᠵᠡᠭᠦᠯᠦᠯᠭᠡ᠂ ᠬᠦᠳᠡᠭᠡ ᠠᠵᠦ ᠠᠬᠤᠢ ᠶᠢᠨ ᠪᠦᠲᠦᠭᠡᠭ᠍ᠳᠡᠭᠦᠨ ᠤ ᠦᠵᠡᠭᠦᠯᠦᠯᠭᠡ ᠵᠡᠷᠭᠡ ᠳᠦᠷᠪᠡᠨ ᠲᠤᠮᠤ ᠬᠤᠪᠢᠶᠠᠷᠢ ᠦᠵᠡᠭᠦᠯᠦᠯᠭᠡ ᠵᠤᠬᠢᠶᠠᠨ ᠪᠠᠶᠢᠭᠤᠯᠵᠦ᠂ ᠤᠯᠤᠰ ᠤᠨ ᠲᠤᠳᠤᠷᠠᠬᠢ 16 ᠮᠤᠵᠢ᠂ ᠬᠤᠲᠠ᠂ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠲᠠᠢ ᠬᠤᠯᠪᠤᠬᠳᠠᠬᠤ 300 ᠭᠠᠷᠤᠢ ᠠᠵᠦ ᠠᠬᠤᠶᠢᠯᠠᠯ ᠤᠷᠤᠯᠴᠠᠵᠦ᠂ ᠦᠨᠳᠦᠷ ᠰᠢᠨ᠎ᠡ ᠲᠭ᠍ᠧᠨᠤᠯᠤᠬᠢ ᠵᠢ ᠪᠠᠬᠲᠠᠭᠠᠬᠰᠠᠨ 3000 ᠭᠠᠷᠤᠢ ᠲᠦᠷᠦᠯ ᠤᠨ ᠲᠠᠸᠠᠷ ᠳᠡᠯᠭᠡᠨ ᠦᠵᠡᠭᠦᠯᠤᠨ᠎ᠠ᠃

    ᠤᠶᠢᠯᠠᠭᠠᠬᠠᠰᠠᠨ ᠢᠶᠡᠷ᠂ ᠦᠪᠦᠷ ᠮᠤᠨᠭᠭᠤᠯ ᠤᠨ ᠤᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ 2007 ᠤᠨ ᠡᠴᠡ ᠡᠬᠢᠯᠡᠨ ᠬᠠᠪᠤᠷ ᠨᠠᠮᠤᠷ ᠤᠨ ᠤᠯᠠᠷᠢᠯ  ᠳᠤ ᠵᠢᠯ ᠳᠤ ᠬᠤᠶᠠᠷ ᠤᠳᠠᠭ᠎ᠠ ᠬᠦᠬᠡᠬᠤᠲᠠ᠂ ᠤᠯᠠᠭᠠᠨᠬᠠᠳᠠ ᠬᠤᠶᠠᠷ ᠬᠤᠲᠠ ᠳᠤ ᠡᠭᠡᠯᠵᠢᠯᠡᠨ ᠵᠤᠬᠢᠶᠠᠨ ᠪᠠᠶᠢᠭᠤᠯᠤᠬᠳᠠᠳᠠᠬ ᠶᠤᠮ ᠪᠠᠶᠢᠨ᠎ᠠ᠃ ᠦᠩᠭᠡᠷᠡᠭᠰᠡᠨ 18 ᠤᠳᠠᠭ᠎ᠠ ᠶᠢᠨ ᠦᠵᠡᠰᠭᠦᠯᠡᠩ ᠳᠤ ᠨᠡᠶᠢᠯᠡᠭᠡᠳ ᠨᠡᠶᠢᠲᠡ 5312 ᠠᠵᠦ ᠠᠬᠤᠶᠢᠯᠠᠯ ᠂ 61500 ᠲᠦᠷᠦᠯ ᠤᠨ ᠲᠠᠸᠠᠷ ᠤᠷᠤᠯᠴᠠᠵᠦ᠂ ᠳᠠᠪᠬᠤᠷᠳᠠᠬᠰᠠᠨ ᠲᠤᠭ᠎ᠠ ᠪᠡᠷ ᠨᠡᠶᠢᠲᠡ 113.6 ᠲᠦᠮᠡᠨ ᠦᠵᠡᠭᠴᠢᠳ ᠤᠨ ᠠᠨᠭᠬᠠᠷᠤᠯ ᠢ ᠲᠠᠲᠠᠵᠦ᠂ ᠭᠠᠵᠠᠷ ᠳᠡᠭᠡᠷ᠎ᠡ ᠨᠢ ᠪᠤᠷᠤᠯᠠᠭᠤᠯᠤᠬᠰᠠᠨ ᠦᠷᠲᠡᠭ 28.64 ᠳ᠋ᠦ᠋ᠩᠰᠢᠭᠤᠷ ᠲᠦᠭᠦᠷᠢᠭ᠌ ᠬᠦᠷᠴᠡᠢ᠃ ᠦᠵᠡᠰᠭᠦᠯᠡᠩ ᠤᠨ ᠦᠶ᠎ᠡ ᠪᠡᠷ ᠪᠠᠶᠢᠭᠤᠯᠤᠬᠰᠠᠨ ᠭᠡᠷ᠎ᠡ 331 ᠲᠦᠰᠦᠯ ᠂ ᠦᠢᠯᠡᠳᠪᠤᠷᠢᠯᠠᠬᠦᠯᠬᠦ ᠪᠠ ᠪᠤᠷᠤᠯᠠᠭᠤᠯᠬᠤ ᠭᠡᠷ᠎ᠡ ᠶᠢᠨ ᠦᠷᠲᠡᠭ᠌ ᠨᠢ ᠨᠡᠶᠢᠯᠡᠭᠡᠳ 135.4 ᠳ᠋ᠦ᠋ᠩᠰᠢᠭᠤᠷ ᠲᠦᠭᠦᠷᠢᠭ᠌ ᠲᠤᠯᠵᠠᠢ᠃

ᠢᠷᠡᠯᠳᠡ᠄ ᠤᠯᠠᠭᠠᠨᠬᠠᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119480646