蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠮᠤᠩᠭ᠋ᠤᠯ ᠤᠨ ᠬᠢᠯᠢ ᠶᠢᠨ ᠢᠷᠭᠡᠳ ᠤᠨ ᠠᠩᠬᠠᠨ ᠤ ᠵᠠᠬ᠎ᠠ ᠶᠢᠨ ᠠᠷᠠᠯᠵᠢᠶᠠᠨ  ᠤ ᠪᠦᠰᠡ ᠵᠢᠭᠤᠯᠴᠢᠳ ᠲᠤ ᠨᠡᠬᠡᠬᠡᠯᠳᠡ ᠬᠢᠯ᠎ᠡ

2016-09-04 16:43

    9 ᠰᠠᠷ᠎ᠠ ᠶᠢᠨ 3 ᠤ ᠡᠳᠤᠷ᠂ ᠲᠤᠮᠳᠠᠳᠤ ᠮᠤᠩᠭ᠋ᠤᠯ ᠤᠯᠤᠰ ᠤᠨ ᠬᠢᠯᠢ ᠶᠢᠨ ᠬᠤᠳᠠ ᠳᠤ ᠪᠠᠶᠢᠭᠤᠯᠤᠭᠰᠠᠨ ᠬᠢᠯᠢ ᠶᠢᠨ ᠢᠷᠭᠡᠳ ᠤᠨ ᠠᠩᠬᠠᠨ ᠤ ᠵᠠᠬ᠎ᠠ ᠶᠢᠨ ᠠᠷᠠᠯᠵᠢᠶᠠᠨ ᠤ ᠪᠦᠰᠡ - ᠡᠷᠢᠶᠡᠨ ᠬᠤᠳᠠ ᠶᠢᠨ ᠬᠢᠯᠢ ᠶᠢᠨ ᠢᠷᠭᠡᠳ ᠤᠨ ᠠᠩᠬᠠᠨ ᠤ ᠵᠠᠬ᠎ᠠ ᠶᠢᠨ ᠠᠷᠠᠯᠵᠢᠶᠠᠨ ᠤ ᠪᠦᠰᠡ ᠲᠤᠷᠰᠢᠨ ᠡᠵᠡᠩᠨᠡᠵᠤ ᠡᠬᠢᠯᠡᠭᠰᠡᠨ ᠪᠦᠭᠡᠳ ᠲᠤᠮᠳᠠᠳᠤ ᠮᠤᠩᠭ᠋ᠤᠯ ᠤᠯᠤᠰ ᠤᠨ ᠬᠢᠯᠢ ᠶᠢᠨ ᠢᠷᠭᠡᠳ ᠪᠤᠯᠤᠨ ᠵᠢᠭᠤᠯᠴᠢᠳ ᠲᠤ ᠨᠡᠬᠡᠬᠡᠯᠳᠡ ᠬᠢᠯ᠎ᠡ

    ᠡᠷᠢᠶᠡᠨ ᠬᠤᠳᠠ ᠶᠢᠨ ᠬᠢᠯᠢ ᠶᠢᠨ ᠢᠷᠭᠡᠳ ᠤᠨ ᠵᠠᠬ᠎ᠠ ᠶᠢᠨ ᠠᠷᠠᠯᠵᠢᠶᠠᠨ  ᠤ ᠪᠦᠰᠡ ᠮᠠᠨ ᠤ ᠤᠯᠤᠰ ᠤᠨ ᠮᠤᠩᠭ᠋ᠤᠯ ᠳᠤ ᠬᠠᠨᠳᠤᠭᠤᠯᠤᠭᠰᠠᠨ ᠬᠠᠮᠤᠭ ᠤᠨ ᠲᠤᠮᠤ ᠡᠬᠡ ᠬᠠᠭᠤᠷᠠᠢ ᠶᠢᠨ ᠪᠤᠭᠤᠮᠳᠠ ᠡᠷᠢᠶᠡᠨ ᠬᠤᠳᠠ ᠶᠢᠨ ᠵᠠᠰᠠᠮᠠᠯ ᠵᠠᠮ ᠤᠨ ᠵᠢᠭᠤᠯᠴᠢᠯᠠᠯ ᠢ ᠬᠢᠨᠠᠨ ᠰᠢᠯᠭᠠᠬᠤ ᠭᠠᠵᠠᠷ ᠤᠨ ᠪᠠᠷᠠᠭᠤᠨ ᠲᠠᠯ᠎ᠠ ᠳᠤ ᠪᠠᠶᠢᠷᠢᠯᠠᠵᠤ ᠪᠤᠢ᠃ 3.5 ᠳ᠋ᠦᠩᠰᠢᠭᠤᠷ ᠤᠨ ᠪᠡᠯᠡ ᠤᠷᠤᠭᠤᠯᠵᠤ ᠪᠠᠶᠢᠭᠤᠯᠤᠭᠰᠠᠨ ᠡᠨᠡᠬᠦ ᠠᠷᠠᠯᠵᠢᠶᠠᠨ ᠤ ᠵᠠᠬ᠎ᠠ ᠶᠢᠨ ᠨᠡᠶᠢᠲᠡ ᠲᠠᠯᠠᠪᠠᠢ ᠨᠢ 10 ᠲᠦᠮᠡᠨ ᠺᠦᠸᠠᠳ᠋ ᠮᠧᠲ᠋ᠷ᠃ ᠲᠤᠰ ᠪᠦᠰᠡ ᠳᠤ ᠬᠢᠯᠢ ᠶᠢᠨ ᠢᠷᠭᠡᠳ ᠤᠨ ᠵᠠᠬ᠎ᠠ ᠶᠢᠨ ᠠᠷᠠᠯᠵᠢᠶᠠᠨ ᠤ ᠭᠠᠵᠠᠷ᠂ ᠪᠠᠷᠠᠭᠠᠨ ᠤ ᠬᠦᠢᠯᠬᠡᠬᠡᠨ ᠤ ᠤᠷᠤᠨ᠂ ᠡᠯᠧᠺᠲ᠋ᠷᠤᠨ ᠠᠷᠠᠯᠵᠢᠶᠠᠨ ᠤ ᠦᠢᠯᠡᠴᠢᠯᠡᠬᠡᠨ ᠤ ᠲᠠᠪᠴᠠᠩ᠂ ᠬᠢᠯᠢ ᠠᠯᠤᠰᠯᠠᠭᠰᠠᠨ ᠶᠡᠷᠦᠩᠬᠡᠶ ᠠᠷᠠᠯᠵᠢᠶᠠᠨ ᠤ ᠦᠢᠯᠡᠴᠢᠯᠡᠬᠡᠨ ᠤ ᠰᠢᠰᠲ᠋ᠧᠮ᠂ ᠮᠤᠩᠭ᠋ᠤᠯ ᠤᠯᠤᠰ ᠤᠨ ᠪᠤᠭᠤᠮᠳᠠ ᠶᠢᠨ ᠠᠷᠠᠯᠵᠢᠶ᠎ᠠ ᠵᠢᠭᠤᠯᠴᠢᠯᠠᠯ ᠤᠨ ᠦᠢᠯᠡᠴᠢᠯᠡᠬᠡᠨ ᠤ ᠤᠷᠤᠨ ᠵᠡᠷᠬᠡ ᠪᠠᠭᠳᠠᠬᠤ ᠪᠦᠭᠡᠳ ᠲᠤᠰ ᠪᠦᠰᠡ ᠳᠤ ᠠᠷᠠᠳ ᠤᠨ ᠵᠤᠭᠤᠰ ᠢᠶᠡᠷ 8000 ᠲᠦᠬᠦᠷᠢᠭ᠌ ᠡᠴᠡ ᠲᠤᠷᠤᠭᠰᠢ ᠦᠨ᠎ᠡ ᠶᠢᠨ ᠪᠠᠷᠠᠭ᠎ᠠ ᠬᠤᠳᠠᠯᠳᠤᠨ ᠠᠪᠤᠪᠠᠯ ᠤᠳᠤᠬᠠᠨ ᠳᠤ ᠪᠠᠨ ᠪᠤᠭᠤᠮᠳᠠ ᠶᠢᠨ ᠭᠠᠶᠢᠯᠢ᠂ ᠭᠠᠳᠠᠭᠠᠳᠤ ᠡᠴᠡ ᠤᠷᠤᠭᠤᠯᠤᠭᠰᠠᠨ ᠭᠤᠭᠴᠤᠭ᠎ᠠ ᠶᠢᠨ ᠭᠠᠶᠢᠯᠢ ᠬᠤᠷᠢᠶᠠᠬᠤ ᠦᠭᠡᠢ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119508056