蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠮᠤᠨᠭᠭᠤᠯ ᠤᠷᠤᠰ ᠤᠨ ᠡᠳ᠋ ᠤᠨ ᠵᠠᠰᠠᠬ ᠠᠷᠠᠯᠵᠢᠶᠠᠨ ᠤ ᠴᠢᠭᠤᠯᠭ᠎᠎ᠠ ᠠᠭᠤᠯᠵᠠᠯᠲᠠ ᠡᠷᠢᠶᠡᠨ ᠬᠤᠲᠠ ᠳᠤ ᠪᠤᠯᠪᠠ

2016-09-05 11:21

    2016 ᠤᠨ ᠤ ᠳᠤᠮᠳᠠᠳᠤ ᠮᠤᠨᠭᠭᠤᠯ ᠤᠷᠤᠰ ᠤᠨ ᠡᠳ᠋ ᠤᠨ ᠵᠠᠰᠠᠬ ᠠᠷᠠᠯᠵᠢᠶᠠᠨ ᠤ ᠴᠢᠭᠤᠯᠭ᠎ᠠ ᠠᠭᠤᠯᠵᠠᠯᠲᠠ 9 ᠳ᠋ᠤᠭᠡᠷ ᠰᠠᠷ᠎ᠠ ᠶᠢᠨ 3 ᠤ᠋ ᠦᠳᠡ ᠶᠢᠨ ᠡᠮᠦᠨ᠎ᠡ ᠡᠷᠢᠶᠡᠨ ᠬᠤᠲᠠ ᠶᠢᠨ ᠤᠯᠠᠨ ᠤᠯᠤᠰ ᠤᠨ ᠦᠵᠡᠰᠭᠦᠯᠡᠩ ᠬᠤᠳᠠᠯᠳᠤᠭᠠᠨ ᠤ ᠲᠦᠪ ᠲᠤ ᠨᠡᠭᠡᠭᠡᠯᠲᠡ ᠪᠠᠨ ᠬᠢᠵᠡᠢ᠃ ᠴᠢᠭᠤᠯᠭ᠎ᠠ ᠠᠭᠤᠯᠵᠠᠯᠲᠠ ᠶᠢᠨ ᠦᠶ᠎ᠡ ᠪᠡᠷ ᠪᠠᠷᠠᠭ᠎ᠠ ᠪᠦᠲᠦᠭᠡᠭ᠍ᠳᠡᠭᠦᠨ ᠤ ᠦᠵᠡᠰᠭᠦᠯᠡᠩ ᠬᠤᠳᠠᠯᠳᠤᠭ᠎ᠠ᠂ ᠲᠦᠷᠦᠯ ᠵᠦᠢᠯ ᠲᠠᠨᠢᠯᠴᠠᠭᠤᠯᠬᠤ᠂ ᠠᠵᠦ ᠠᠬᠤᠶᠢᠯᠠᠯ ᠤᠳ ᠤᠨ ᠬᠠᠮᠲᠤ ᠶᠢᠨ ᠠᠵᠢᠯᠯᠠᠭ᠎ᠠ ᠵᠡᠷᠭᠡ ᠵᠢ ᠵᠤᠬᠢᠶᠠᠨ ᠪᠠᠶᠢᠭᠤᠯᠬᠤ ᠶᠢᠨ ᠬᠠᠮᠲᠤ᠂ ᠭᠤᠷᠪᠠᠨ ᠤᠷᠤᠨ ᠤ ᠠᠵᠦ ᠠᠬᠤᠶᠢᠯᠠᠯ ᠤᠳ ᠠᠭᠤᠯᠠ ᠠᠭᠤᠷᠬᠠᠢ᠂ ᠬᠢᠯᠢ ᠳᠠᠮᠨᠠᠬᠰᠠᠨ ᠴᠠᠬᠢᠮ ᠬᠤᠳᠠᠯᠳᠤᠭ᠎ᠠ᠂ ᠪᠠᠩᠬᠢ ᠰᠠᠩᠭᠦᠦ ᠵᠡᠷᠭᠡ ᠤᠯᠠᠨ ᠰᠠᠯᠪᠤᠷᠢ ᠳᠤ ᠬᠠᠮᠲᠤ ᠶᠢᠨ ᠠᠵᠢᠯᠯᠠᠭᠠᠨ ᠤ ᠭᠡᠷ᠎ᠡ ᠲᠤᠬᠲᠠᠬᠤ ᠪᠡᠷ ᠪᠠᠶᠢᠨ᠎ᠠ᠃

    ᠦᠵᠡᠰᠭᠦᠯᠡᠩ ᠬᠤᠳᠠᠯᠳᠤᠭᠠᠨ ᠳᠤ ᠳᠤᠮᠳᠠᠳᠤ᠂ ᠮᠤᠨᠭᠭᠤᠯ᠂ ᠤᠷᠤᠰ᠂ ᠡᠨᠡᠳᠬᠡᠭ᠌᠂ ᠺᠤᠷᠢᠶᠠ ᠵᠡᠷᠭᠡ ᠤᠯᠤᠰ ᠤᠷᠤᠨ ᠤ 47 ᠠᠵᠦ ᠠᠬᠤᠶᠢᠯᠠᠯ ᠤᠷᠤᠯᠴᠠᠵᠦ᠂ ᠴᠠᠬᠢᠯᠭᠠᠨ ᠬᠡᠷᠡᠭᠰᠡᠯ᠂ ᠬᠤᠪᠴᠠᠰᠤ ᠬᠤᠨᠠᠷ᠂ ᠡᠳᠦᠷ ᠲᠤᠳᠤᠮ ᠤᠨ ᠦᠷᠭᠡᠨ ᠬᠡᠷᠡᠭᠯᠡᠭᠡᠨ ᠤ ᠪᠠᠷᠠᠭ᠎ᠠ ᠪᠦᠲᠦᠭᠡᠭ᠍ᠳᠡᠭᠦᠨ᠂ ᠠᠭᠤᠯᠠ ᠠᠭᠤᠷᠬᠠᠢ ᠶᠢᠨ ᠪᠦᠲᠦᠭᠡᠭ᠍ᠳᠡᠬᠦᠨ᠂ ᠦᠨᠳᠦᠰᠦᠲᠡᠨ ᠤ ᠦᠢᠯᠡᠳᠪᠦᠷᠢᠯᠡᠯ ᠤᠨ ᠪᠦᠲᠦᠭᠡᠭ᠍ᠳᠡᠭᠦᠨ ᠵᠡᠷᠭᠡ ᠵᠢ ᠳᠡᠯᠭᠡᠨ ᠦᠵᠡᠭᠦᠯᠵᠦ ᠪᠠᠶᠢᠨ᠎ᠠ᠃

    ᠲᠤᠰ ᠤᠳᠠᠭᠠᠨ ᠤ ᠴᠢᠭᠤᠯᠭ᠎ᠠ ᠠᠭᠤᠯᠵᠠᠯᠲᠠ ᠨᠢ 5 ᠡᠳᠦᠷ ᠤᠨ ᠬᠤᠭᠤᠴᠠᠭᠠᠨ ᠳᠤ ᠡᠷᠢᠶᠡᠨ ᠬᠤᠲᠠ᠂ ᠰᠢᠯᠢᠨᠭᠬᠤᠲᠠ ᠪᠤᠯᠤᠨ ᠠᠪᠠᠭ᠎ᠠ ᠬᠤᠰᠢᠭᠤᠨ ᠳᠤ ᠵᠤᠬᠢᠶᠠᠨ ᠪᠠᠶᠢᠭᠤᠯᠤᠬᠳᠠᠬᠤ ᠪᠡᠷ ᠪᠠᠶᠢᠨ᠎ᠠ᠃

ᠢᠷᠡᠯᠳᠡ᠄ ᠲᠠᠯ᠎ᠠ ᠶᠢᠨ ᠳᠠᠭᠤ ᠬᠤᠭᠤᠯᠠᠢ ᠷᠠᠳᠢᠤ‍ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119512134