蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭᠣᠯ ᠤᠨ 1-7 ᠳ᠋ᠤᠭᠠᠷ ᠰᠠᠷ᠎ᠠ  ᠳᠤ ᠠᠵᠤ ᠥᠢᠯᠡᠳᠪᠤᠷᠢᠯᠡᠯ ᠤᠨ ᠥᠢᠯᠡᠳᠪᠤᠷᠢᠯᠡᠬᠦ ᠬᠣᠷᠳᠤᠴᠠ ᠨᠡᠮᠡᠭᠳᠡᠵᠤ ᠪᠦᠬᠦ ᠤᠯᠤᠰ ᠤᠨ 9 ᠳ᠋ᠤᠭᠡᠷ ᠲᠤ ᠪᠠᠶᠢᠷᠢᠯᠡᠪᠠ

2016-09-05 16:28

    ᠰᠣᠷᠪᠤᠯᠵᠢᠯᠠᠭᠴᠢ ᠥᠪᠦᠷ ᠮᠣᠩᠭᠣᠯ ᠤᠨ ᠪᠦᠷᠢᠳᠭᠡᠯ ᠤᠨ ᠲᠣᠪᠴᠢᠶ᠎ᠠ ᠡᠴᠡ ᠤᠶᠢᠯᠠᠭᠠᠭᠰᠠᠨ  ᠢᠶᠡᠷ᠂ ᠥᠨᠦ ᠵᠢᠯ ᠤᠨ 1-7 ᠳ᠋ᠤᠭᠠᠷ ᠰᠠᠷ᠎ᠠ  ᠳᠤ᠂ ᠥᠪᠦᠷ ᠮᠣᠩᠭᠣᠯ ᠤᠨ ᠬᠡᠪᠴᠢᠶᠡᠨ   ᠡᠴᠡ ᠳᠡᠭᠡᠭ᠍ᠰᠢᠬᠢ ᠠᠵᠤ ᠥᠢᠯᠡᠳᠪᠤᠷᠢᠯᠡᠯ ᠤᠨ ᠨᠡᠮᠡᠭᠦᠦ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 7.9% ᠥᠰᠴᠦ ᠨᠡᠮᠡᠭᠳᠡᠬᠦ ᠬᠣᠷᠳᠤᠴᠠ ᠨᠢ ᠪᠦᠬᠦ ᠤᠯᠤᠰ ᠤᠨ ᠡᠯ᠎ᠡ ᠮᠣᠵᠢ ᠤᠷᠤᠨ  ᠤ 9  ᠳ᠋ᠤᠭᠡᠷ ᠲᠤ ᠪᠠᠶᠢᠷᠢᠯᠡᠪᠠ᠃

    ᠬᠦᠨᠳᠤ ᠠᠵᠤ ᠥᠢᠯᠡᠳᠪᠤᠷᠢᠯᠡᠯ ᠪᠤᠯᠤᠨ ᠬᠦᠩᠭᠡᠨ ᠠᠵᠤ ᠥᠢᠯᠡᠳᠪᠤᠷᠢᠯᠡᠯ ᠢ ᠬᠣᠪᠢᠶᠠᠵᠤ ᠪᠦᠷᠢᠳᠭᠡᠪᠡᠯ᠂ ᠬᠦᠩᠭᠡᠨ ᠠᠵᠤ ᠥᠢᠯᠡᠳᠪᠤᠷᠢᠯᠡᠯ ᠤᠨ ᠨᠡᠮᠡᠭᠦᠦ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 9.2%  ᠢᠶᠡᠷ ᠨᠡᠮᠡᠭᠳᠡᠭᠡᠳ ᠬᠦᠨᠳᠤ ᠠᠵᠤ ᠥᠢᠯᠡᠳᠪᠤᠷᠢᠯᠡᠯ ᠤᠨ ᠨᠡᠮᠡᠭᠦᠦ ᠦᠷᠲᠡᠭ  ᠦᠩᠭᠡᠷᠡᠭᠰᠡᠨ ᠤᠨ ᠤ ᠮᠦᠨ ᠦᠶ᠎ᠠ ᠡᠴᠡ 7.7 % ᠪᠡᠷ ᠨᠡᠮᠡᠭᠳᠡᠵᠤ᠂ ᠬᠦᠩᠭᠡᠨ ᠠᠵᠤ ᠥᠢᠯᠡᠳᠪᠤᠷᠢᠯᠡᠯ ᠤᠨ ᠨᠡᠮᠡᠭᠳᠡᠬᠦ ᠬᠤᠷᠳᠤᠴᠠ ᠨᠢ ᠬᠦᠨᠳᠤ ᠠᠵᠤ ᠥᠢᠯᠡᠳᠪᠤᠷᠢᠯᠡᠯ ᠤᠨ ᠬᠢ ᠡᠴᠡ 1.5 % ᠬᠤᠷᠳᠤᠨ ᠪᠤᠯᠪᠠ᠃

    ᠡᠳ᠋ ᠤᠨ ᠵᠠᠰᠠᠭ ᠤᠨ ᠲᠦᠷᠦᠯ ᠵᠥᠢᠯ ᠤᠨ ᠪᠦᠷᠢᠳᠭᠡᠯ ᠢᠶᠡᠷ ᠬᠣᠪᠢᠶᠠᠪᠠᠯ᠂ ᠤᠯᠤᠰ ᠤᠨ ᠠᠵᠤ ᠠᠬᠤᠶᠢᠯᠠᠯ᠂ ᠬᠠᠮᠲᠤ ᠶᠢᠨ ᠠᠵᠤ ᠠᠬᠤᠶᠢᠯᠠᠯ  ᠂ ᠬᠣᠪᠢᠴᠠᠭᠠᠲᠤ ᠠᠵᠤ ᠠᠬᠤᠶᠢᠯᠠᠯ᠂ ᠨᠠᠶᠢᠲᠠ ᠶᠢᠨ ᠪᠤᠰᠤ ᠠᠵᠤ ᠥᠢᠯᠡᠳᠪᠤᠷᠢᠯᠡᠯ ᠤᠨ ᠨᠡᠮᠡᠬᠦᠦ ᠦᠷᠲᠡᠭ ᠲᠤᠰ ᠲᠤᠰ ᠦᠩᠭᠡᠷᠡᠭᠰᠡᠨ ᠤᠨ ᠤ ᠮᠦᠨ ᠦᠶ᠎ᠠ ᠡᠴᠡ 11.3 %᠂ 8.3 %᠂ 8.1 % ᠂12.2 % ᠨᠡᠮᠡᠭᠳᠡᠵᠤ᠂ ᠤᠯᠤᠰ ᠤᠨ ᠬᠣᠪᠢᠴᠠᠭ᠎ᠠ ᠡᠵᠡᠮᠰᠢᠬᠦ ᠠᠵᠤ ᠠᠬᠤᠶᠢᠯᠠᠯ  ᠤᠨ ᠨᠡᠮᠡᠭᠦᠦ ᠦᠷᠲᠡᠭ 1.1 %  ᠪᠡᠷ ᠪᠠᠭᠤᠷᠠᠵᠡᠢ᠃

    ᠵᠢᠷᠭᠤᠭᠠᠨ ᠭᠣᠤᠯᠯᠠᠬᠤ ᠠᠵᠤ ᠥᠢᠯᠡᠳᠪᠤᠷᠢᠯᠡᠯ ᠤᠨ ᠪᠦᠷᠢᠳᠭᠡᠯ ᠢ ᠦᠵᠡᠪᠡᠯ᠂ ᠡᠨᠧᠷᠬᠢ ᠶᠢᠨ ᠠᠵᠤ ᠥᠢᠯᠡᠰ ᠦᠩᠭᠡᠷᠡᠭᠰᠡᠨ ᠤᠨ ᠤ ᠮᠦᠨ ᠦᠶ᠎ᠠ ᠡᠴᠡ 6.2 % ᠨᠡᠮᠡᠭᠳᠡᠵᠤ᠂ ᠲᠡᠮᠦᠷᠯᠢᠭ᠌᠌᠂ ᠪᠠᠷᠢᠯᠭ᠎ᠠ ᠤᠨ ᠮᠠᠲ᠋ᠧᠷᠢᠶᠠᠯ ᠤᠨ ᠠᠵᠤ ᠥᠢᠯᠡᠳᠪᠤᠷᠢ ᠦᠩᠭᠡᠷᠡᠭᠰᠡᠨ ᠤᠨ ᠤ ᠮᠦᠨ ᠦᠶ᠎ᠠ ᠡᠴᠡ12.6 % ᠨᠡᠮᠡᠭᠳᠡᠵᠡᠢ᠃ ᠠᠵᠤ ᠥᠢᠯᠡᠳᠪᠤᠷᠢ ᠤᠨ ᠪᠦᠲᠦᠴᠡ ᠶᠢ ᠦᠷᠭᠦᠯᠵᠢᠯᠡᠨ ᠰᠠᠶᠢᠵᠢᠷᠠᠭᠤᠯᠬᠤ ᠰᠢᠨ᠎ᠡ ᠮᠡᠷᠭᠡᠵᠢᠯ ᠤᠨ ᠥᠢᠯᠡᠰ ᠪᠣᠯᠤᠨ ᠲᠤᠨᠤᠭᠯᠠᠯ ᠥᠢᠯᠡᠳᠪᠤᠷᠢᠯᠡᠬᠦ ᠥᠢᠯᠡᠰ  ᠤᠨ ᠨᠡᠮᠡᠬᠦᠦ ᠦᠷᠲᠡᠭ ᠲᠤᠰ ᠲᠤᠰ ᠦᠩᠭᠡᠷᠡᠭᠰᠡᠨ ᠤᠨ ᠤ ᠮᠦᠨ ᠦᠶ᠎ᠠ ᠡᠴᠡ 15.2 %ᠪᠠ10.9 %ᠨᠡᠮᠡᠭᠳᠡᠵᠡᠢ᠃( ᠳᠠᠳᠤᠯᠭ᠎ᠠ ᠶᠢᠨ ᠨᠠᠶᠢᠷᠠᠭᠤᠯᠤᠭᠴᠢ ᠰᠤᠷᠤᠶ᠎ᠠ ᠣᠷᠴᠢᠭᠤᠯᠪᠠ)

ᠢᠷᠡᠯᠳᠡ᠄ ᠳᠤᠮᠳᠠᠳᠤ ᠤᠯᠤᠰ ᠤᠨ ᠡᠳ᠋ ᠤᠨ ᠵᠠᠰᠠᠭ ᠤᠨ ᠬᠦᠲᠦᠴᠡ ᠰᠣᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119514067