蒙古文网站Logo
ᠰᠢᠨᠬᠤᠸᠠ ᠮᠤᠩᠭ᠋ᠤᠯ ᠨᠧᠲ

1-8 ᠰᠠᠷ᠎ᠠ ᠳᠤ ᠲᠦᠭᠦᠬᠡᠢ ᠲᠤᠰᠤ ᠶᠢᠨ ᠤᠷᠤᠭᠤᠯᠤᠯᠲᠠ ᠲᠦᠷᠭᠡᠨ ᠨᠡᠮᠡᠭᠳᠡᠪᠡ

2016-09-20 16:21

    ᠰᠤᠷᠪᠤᠯᠵᠢᠯᠠᠬᠴᠢ 9 ᠰᠠᠷ᠎ᠠ ᠶᠢᠨ 19 ᠤ᠋ ᠡᠳᠦᠷ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠨᠧᠲ ᠡᠴᠡ ᠤᠶᠢᠯᠠᠭᠠᠬᠰᠠᠨ ᠢᠶᠡᠷ᠂ 8 ᠰᠠᠷ᠎ᠠ ᠳᠤ ᠲᠦᠭᠦᠬᠡᠢ ᠲᠤᠰᠤᠨ ᠤ ᠭᠠᠷᠤᠯᠲᠠ ᠦᠷᠭᠦᠯᠵᠢᠯᠡᠨ ᠪᠠᠭᠤᠷᠠᠵᠦ᠂ ᠡᠳ᠋ᠰᠢᠭᠦᠯᠬᠦ ᠬᠡᠮᠵᠢᠶ᠎ᠡ ᠬᠠᠷᠢᠴᠠᠨᠭᠭᠤᠢ ᠲᠤᠬᠲᠠᠭᠤᠨ ᠪᠠᠶᠢᠨ᠎ᠠ᠃ 1-8 ᠰᠠᠷ᠎ᠠ ᠳᠤ ᠮᠠᠨ ᠤ ᠤᠯᠤᠰ ᠤᠨ ᠲᠦᠭᠦᠬᠡᠢ ᠲᠤᠰᠤᠨ ᠤ ᠤᠷᠤᠭᠤᠯᠤᠯᠲᠠ ᠲᠦᠷᠭᠡᠨ ᠨᠡᠮᠡᠭᠳᠡᠯ᠎ᠡ᠃

    8 ᠰᠠᠷ᠎ᠠ ᠳᠤ᠂ ᠬᠡᠪᠴᠢᠶᠡᠵᠢᠭ᠍ᠰᠡᠨ ᠠᠵᠦ ᠦᠢᠯᠳᠪᠤᠷᠢ ᠶᠢᠨ ᠲᠦᠭᠦᠬᠡᠢ ᠲᠤᠰᠤᠨ ᠤ ᠭᠠᠷᠤᠯᠲᠠ ᠦᠩᠭᠡᠷᠡᠭᠰᠡᠨ ᠤᠨ ᠤ ᠮᠦᠨ ᠦᠶ᠎ᠡ ᠡᠴᠡ 9.9% ᠪᠡᠷ ᠪᠠᠭᠤᠷᠠᠵᠠᠢ᠃ ᠲᠦᠭᠦᠬᠡᠢ ᠲᠤᠰᠤ ᠡᠳ᠋ᠰᠢᠭᠦᠯᠬᠦ ᠬᠡᠮᠵᠢᠶ᠎ᠡ ᠵᠢᠭᠠᠬᠠᠨ ᠪᠠᠭᠠᠰᠴᠦ ᠦᠩᠭᠡᠷᠡᠭᠰᠡᠨ ᠤᠨ ᠤ ᠮᠦᠨ ᠦᠶ᠎ᠡ ᠡᠴᠡ 0.7% ᠪᠡᠷ ᠪᠠᠭᠤᠷᠠᠵᠠᠢ᠃ ᠤᠯᠠᠨ ᠤᠯᠤᠰ ᠤᠨ ᠲᠦᠭᠦᠬᠡᠢ ᠲᠤᠰᠤ ᠶᠢᠨ ᠦᠨ᠎ᠡ ᠶᠢᠨ ᠦᠷᠭᠦᠯᠵᠢᠯᠡᠨ ᠲᠤᠤᠭᠤᠷ ᠪᠠᠶᠢᠷᠢᠨ ᠳᠤ ᠤᠨᠠᠬᠰᠠᠨ ᠪᠠ ᠢᠷᠭᠡᠨ ᠡᠴᠡ ᠡᠵᠡᠩᠨᠡᠭᠰᠡᠨ ᠲᠤᠰᠤ ᠪᠤᠯᠪᠠᠰᠤᠷᠠᠭᠤᠯᠬᠤ ᠠᠵᠦ ᠠᠬᠤᠶᠢᠯᠠᠯ ᠭᠠᠳᠠᠭᠠᠳᠤ ᠡᠴᠡ ᠤᠷᠤᠭᠤᠯᠤᠬᠰᠠᠨ ᠲᠦᠭᠦᠬᠡᠢ ᠲᠤᠰᠤᠨ ᠤ ᠨᠤᠬᠳᠠᠬᠤ ᠬᠤᠪᠢ ᠵᠢ ᠠᠭᠠᠵᠢᠮ ᠢᠶᠡᠷ ᠬᠦᠷᠲᠡᠭᠰᠡᠨ ᠨᠦᠯᠦᠭᠡᠯᠡᠯ ᠢᠶᠡᠷ᠂ ᠲᠦᠭᠦᠬᠡᠢ ᠲᠤᠰᠤᠨ ᠤ ᠤᠷᠤᠭᠤᠯᠤᠯᠲᠠ ᠶᠢᠨ ᠬᠡᠮᠵᠢᠶ᠎ᠡ ᠦᠨᠳᠦᠰᠦᠨ ᠳᠡᠭᠡᠨ ᠬᠤᠶᠠᠷ ᠤᠷᠤᠨᠲᠤ ᠲᠤᠭ᠎ᠠ ᠪᠡᠷ ᠨᠡᠮᠡᠭᠳᠡᠬᠦ ᠵᠢ ᠪᠠᠲᠤᠯᠠᠬᠰᠠᠨ ᠪᠠᠶᠢᠨ᠎ᠠ᠃ 1-8 ᠰᠠᠷ᠎ᠠ ᠳᠤ ᠲᠦᠭᠦᠬᠡᠢ ᠲᠤᠰᠤᠨ ᠤ ᠤᠷᠤᠭᠤᠯᠤᠯᠲᠠ ᠶᠢᠨ ᠬᠡᠮᠵᠢᠶ᠎ᠡ ᠦᠩᠭᠡᠷᠡᠭᠰᠡᠨ ᠤᠨ ᠤ ᠮᠦᠨ ᠦᠶ᠎ᠡ ᠡᠴᠡ 13.5% ᠪᠡᠷ ᠨᠡᠮᠡᠭᠳᠡᠵᠦ᠂ ᠭᠠᠷᠤᠯᠲᠠ ᠪᠠ ᠤᠷᠤᠭᠤᠯᠤᠲᠠ ᠶᠢᠨ ᠬᠡᠮᠵᠢᠶᠡᠨ ᠤ ᠨᠡᠶᠢᠯᠡᠪᠦᠷᠢ ᠳᠤ ᠲᠦᠭᠦᠬᠡᠢ ᠲᠤᠰᠤᠨ ᠤ ᠤᠷᠤᠭᠤᠯᠤᠯᠲᠠ ᠶᠢᠨ ᠬᠡᠮᠵᠢᠶ᠎ᠡ 65.0% ᠵᠢ ᠡᠵᠡᠯᠡᠭᠰᠡᠨ ᠪᠠᠶᠢᠨ᠎ᠠ᠃  

ᠢᠷᠡᠯᠳᠡ᠄ ᠤᠯᠠᠨ ᠤᠯᠤᠰ ᠤᠨ ᠬᠤᠳᠠᠯᠳᠤᠭᠠᠨ ᠤ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119593771