蒙古文网站Logo
ᠰᠢᠨᠬᠤᠸᠠ ᠮᠤᠩᠭ᠋ᠤᠯ ᠨᠧᠲ

9 ᠰᠠᠷ᠎ᠠ ᠳᠤ ᠦᠪᠦᠷ ᠮᠤᠨᠭᠭᠤᠯ ᠤᠨ ᠨᠡᠭᠦᠷᠡᠰᠦᠨ ᠤ ᠦᠨ᠎ᠡ ᠦᠰᠬᠦ ᠬᠠᠨᠳᠤᠰᠢ ᠲᠠᠢ

2016-09-20 16:26

    ᠰᠢᠨᠬᠤᠸᠠ ᠬᠤᠷᠢᠶ᠎ᠠ  ᠬᠦᠬᠡᠬᠤᠲᠠ ᠵᠢᠨ 9 ᠰᠠᠷ᠎ᠠ ᠵᠢᠨ 20 ᠤ᠋ ᠡᠳᠦᠷ ᠤᠨ ᠴᠠᠬᠢᠯᠭᠠᠨ ᠮᠡᠳᠡᠭᠡ( ᠰᠤᠷᠪᠤᠯᠵᠢᠠᠬᠴᠢ ᠳ᠋ᠦ᠋ᠩ ᠯᠦ)᠂ ᠦᠪᠦᠷ ᠮᠤᠩ᠋ᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠡᠴᠡ ᠤᠶᠢᠯᠭᠠᠭᠰᠠᠨ ᠶᠢᠡᠷ᠂ ᠵᠢᠯ ᠳᠤᠮᠳᠠ ᠡᠴᠡ ᠠᠵᠦ ᠠᠬᠤᠶᠢᠯᠠᠯ ᠲᠤᠭᠲᠠᠪᠤᠷᠢᠵᠢᠬᠰᠠᠨ ᠡᠴᠡ ᠬᠤᠶᠢᠰᠢ᠂ ᠦᠪᠦᠷ ᠮᠤᠩᠭ᠋ᠤᠯ ᠤᠨ ᠨᠡᠭᠦᠷᠡᠰᠦᠨ ᠤ ᠦᠨ᠎ᠡ ᠦᠷᠭᠦᠯᠵᠢᠯᠡᠨ ᠦᠰᠬᠦ ᠬᠠᠨᠳᠤᠰᠢ ᠲᠠᠢ᠂ ᠬᠡᠳᠦᠶᠢᠪᠡᠷ 9 ᠰᠠᠷ᠎ᠠ ᠳᠥ ᠨᠡᠭᠦᠷᠡᠰᠦᠨ ᠤ ᠵᠠᠬ᠎ᠠ ᠵᠢᠨ ᠬᠡᠷᠡᠭᠴᠡᠭᠡ ᠪᠠᠭ᠎ᠠ ᠬᠡᠮᠵᠢᠶ᠎ᠡ ᠪᠡᠷ ᠪᠠᠭᠤᠷᠠᠭᠰᠠᠨ ᠪᠤᠯᠪᠠᠴᠤ ᠨᠡᠭᠦᠷᠡᠰᠦᠨ ᠤ ᠬᠠᠩᠭ᠋ᠠᠯᠭ᠎ᠠ ᠬᠦᠷᠦᠯᠴᠡᠬᠦ ᠦᠭᠡᠢ ᠡᠴᠡ ᠪᠤᠯᠵᠤ ᠨᠡᠭᠦᠷᠡᠰᠦᠨ ᠤ ᠦᠨ᠎ᠡ ᠮᠦᠨ ᠯᠡ ᠦᠷᠭᠦᠯᠵᠢᠯᠡᠨ ᠦᠰᠬᠦ ᠬᠠᠨᠳᠤᠰᠢ ᠲᠠᠢ᠃

    ᠦᠪᠦᠷ ᠮᠤᠩ᠋ᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠵᠠᠬ᠎ᠠ ᠵᠢᠨ ᠬᠢᠨᠠᠨ ᠲᠤᠭᠲᠠᠭᠠᠬᠤ ᠰᠢᠰᠲ᠋ᠸᠮ ᠤᠨ ᠳ᠋ᠠᠶᠢᠲ᠋ᠠ ᠶᠢᠨ ᠲᠤᠳᠤᠷᠠᠭᠤᠯᠤᠬᠰᠠᠨ ᠶᠢᠡᠷ᠂ 9 ᠰᠠᠷ᠎ᠠ ᠵᠢᠨ 5 ᠡᠴᠡ 11 ᠤ᠋ ᠡᠳᠦᠷ ᠪᠤᠯᠲᠠᠯ᠎ᠠ᠂ ᠦᠪᠦᠷ ᠮᠤᠩ᠋ᠭᠤᠯ ᠤᠨ ᠨᠡᠭᠦᠷᠡᠰᠦᠨ ᠤ ᠳᠤᠮᠲᠠᠴᠢ ᠦᠨ᠎ᠡ ᠳᠤᠨ ᠪᠦᠷᠢ ᠳᠥ 395.58 ᠲᠦᠭᠦᠷᠢᠭ᠌᠂ ᠦᠩᠭᠡᠷᠡᠭᠰᠡᠨ ᠡᠭᠡᠯᠵᠢ  ᠡᠴᠡ 1.3% ᠪᠡᠷ ᠨᠡᠮᠡᠭᠳᠡᠵᠠᠢ᠃ ᠡᠭᠦᠨ ᠳᠤ ᠤᠲᠤᠭ᠎ᠠ ᠦᠭᠡᠢ ᠨᠡᠭᠦᠷᠡᠰᠦᠨ ᠤ ᠦᠨ᠎ᠡ ᠳᠤᠨ ᠪᠦᠷᠢ ᠳᠥ 509.67 ᠲᠦᠭᠦᠷᠢᠭ᠌᠂ ᠦᠩᠭᠡᠷᠡᠭᠰᠡᠨ ᠡᠭᠡᠯᠵᠢ ᠡᠴᠡ 1.5% ᠪᠡᠷ ᠨᠡᠮᠡᠭᠳᠡᠪᠡ᠃ ᠰᠢᠲᠠᠭᠠᠯᠭ᠎ᠠ ᠶᠢᠨ ᠨᠡᠭᠦᠷᠡᠰᠦᠨ ᠤ ᠦᠨ᠎ᠡ ᠳᠤᠨ ᠪᠦᠷᠢ ᠳᠥ 295.4 ᠲᠦᠭᠦᠷᠢᠭ᠌᠂ ᠦᠩᠭᠡᠷᠡᠭᠰᠡᠨ ᠡᠭᠡᠯᠵᠢ ᠡᠴᠡ 2.6% ᠪᠡᠷ ᠨᠡᠮᠡᠭᠳᠡᠪᠡ᠃ ᠺᠤᠺᠰᠵᠢᠭᠤᠯᠬᠤ ᠨᠡᠭᠦᠷᠡᠰᠦᠨ ᠤ ᠦᠨ᠎ᠡ ᠳᠤᠨ ᠪᠦᠷᠢ ᠳᠥ ᠪᠠᠨ 381.67 ᠲᠦᠭᠦᠷᠢᠭ᠌᠂ ᠦᠩᠭᠡᠷᠡᠭᠰᠡᠨ ᠡᠭᠡᠯᠵᠢ ᠲᠠᠢ ᠪᠠᠨ ᠲᠡᠩᠴᠡᠭ᠍ᠰᠡᠨ ᠪᠠᠶᠢᠨ᠎ᠠ᠃

    ᠮᠡᠷᠭᠡᠵᠢᠯ ᠤᠨ ᠬᠦᠮᠦᠰ ᠤᠨ ᠵᠢᠭᠠᠬᠰᠠᠨ ᠶᠢᠡᠷ᠂ ᠤᠳᠤ ᠵᠢᠨ ᠨᠡᠭᠦᠷᠡᠰᠦᠨ ᠵᠠᠬ᠎ᠠ ᠵᠢᠨ ᠬᠠᠳᠠᠭᠠᠯᠠᠮᠵᠢ ᠬᠢᠵᠠᠭᠠᠷᠲᠠᠢ᠂ ᠲᠤᠯᠠᠭᠠᠯᠭ᠎ᠠ ᠶᠢᠨ ᠤᠯᠠᠷᠢᠯ ᠤᠶᠢᠷᠠᠳᠬᠤ ᠶᠢ ᠳᠠᠭᠠᠯᠳᠤᠨ ᠨᠡᠭᠦᠷᠡᠰᠦᠨ ᠤ ᠬᠡᠷᠡᠭᠴᠡᠭᠡ ᠶᠡᠬᠡ ᠬᠡᠮᠵᠢᠶ᠎ᠠ ᠪᠡᠷ ᠨᠡᠮᠡᠭᠳᠡᠬᠦ ᠪᠤᠯᠤᠨ᠎ᠠ᠃ ᠳᠠᠬᠢᠪᠠᠯ ᠨᠡᠭᠦᠷᠡᠰᠦᠨ ᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠬᠢ ᠵᠢ ᠪᠠᠭᠤᠷᠠᠭᠤᠯᠬᠤ ᠳᠠᠷᠤᠯᠲᠠ ᠦᠷᠭᠦᠯᠵᠢᠯᠡᠵᠦ᠂ ᠰᠡᠭᠦᠯᠴᠢ ᠶᠢᠨ ᠦᠶ᠎ᠡ ᠶᠢᠨ ᠨᠡᠭᠦᠷᠡᠰᠦᠨ ᠤ ᠦᠨ᠎ᠡ ᠦᠷᠭᠦᠯᠵᠢᠯᠡᠨ ᠦᠰᠬᠦ ᠪᠤᠯᠤᠨ᠎ᠠ᠃ (ᠳᠠᠳᠤᠯᠭ᠎ᠠ ᠶᠢᠨ ᠰᠤᠷᠤᠬᠴᠢ ᠪᠠᠶᠠᠰᠤᠯ ᠤᠷᠴᠢᠭᠤᠯᠤᠨ ᠨᠠᠶᠢᠷᠠᠭᠤᠯᠪᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119593825