蒙古文网站Logo
ᠰᠢᠨᠬᠤᠸᠠ ᠮᠤᠩᠭ᠋ᠤᠯ ᠨᠧᠲ

8 ᠰᠠᠷ᠎ᠠ ᠶᠢᠨ ᠰᠡᠭᠦᠯ ᠳᠤ ᠳᠤᠮᠳᠠᠳᠤ ᠤᠯᠤᠰ ᠤᠨ ᠲᠦᠭᠦᠬᠡᠢ ᠲᠤᠰᠤᠨ ᠤ ᠨᠦᠭᠡᠴᠡ ᠦᠩᠭᠡᠷᠡᠭᠰᠡᠨ ᠡᠭᠡᠯᠵᠢ ᠡᠴᠡ ᠪᠠᠨ 4.46% ᠪᠡᠷ ᠨᠡᠮᠡᠭᠳᠡᠯ᠎ᠡ

2016-09-28 16:00

    ᠰᠢᠨᠬᠤᠸᠠ ᠬᠤᠷᠢᠶ᠎ᠠ ᠶᠢᠨ ᠴᠢᠯᠠᠭᠤᠨ ᠲᠤᠰᠤᠨ ᠤ ᠦᠨ᠎ᠡ ᠶᠢᠨ ᠰᠢᠰᠲ᠋ᠧᠮ ᠤᠨ 26 ᠤ᠋ ᠡᠳᠦᠷ ᠤᠨ ᠨᠡᠶᠢᠲᠡᠯᠡᠭᠰᠡᠨ ᠳᠤᠮᠳᠠᠳᠤ ᠤᠯᠤᠰ ᠤᠨ ᠴᠢᠯᠠᠭᠤᠨ ᠲᠤᠰᠤᠨ ᠤ ᠨᠦᠭᠡᠴᠡ ᠶᠢᠨ ᠳ᠋ᠠᠶᠢᠲ᠋ᠠ ᠡᠴᠡ ᠲᠤᠳᠤᠷᠠᠭᠤᠯᠪᠠᠯ᠂ 8 ᠰᠠᠷ᠎ᠠ ᠶᠢᠨ ᠰᠡᠭᠦᠯ ᠳᠤ ᠳᠤᠮᠳᠠᠳᠤ ᠤᠯᠤᠰ ᠤᠨ ᠲᠦᠭᠦᠬᠡᠢ ᠲᠤᠰᠤᠨ ᠤ ᠨᠦᠭᠡᠴᠡ(ᠬᠠᠳᠠᠭᠠᠯᠠᠮᠵᠢ ᠶᠢᠨ ᠨᠦᠭᠡᠴᠡ ᠵᠢ ᠪᠠᠬᠲᠠᠭᠠᠬᠤ ᠦᠭᠡᠢ) ᠦᠩᠭᠡᠷᠡᠭᠰᠡᠨ ᠡᠭᠡᠯᠵᠢ ᠡᠴᠡ 4.46% ᠪᠡᠷ ᠨᠡᠮᠡᠭᠳᠡᠵᠦ᠂ ᠴᠢᠶ᠊ᠢᠤ ᠲᠤᠰᠤ᠂ ᠴᠠᠶᠢᠶ᠊ᠢᠤ ᠲᠤᠰᠤ ᠪᠤᠯᠤᠨ ᠨᠡᠭᠦᠷᠡᠰᠦᠨ ᠲᠤᠰᠤᠨ ᠤ ᠨᠦᠭᠡᠴᠡ ᠦᠩᠭᠡᠷᠡᠭᠰᠡᠨ ᠡᠭᠡᠯᠵᠢ ᠡᠴᠡ 9.81% ᠪᠡᠷ ᠬᠠᠰᠤᠬᠳᠠᠵᠠᠢ᠃ ᠡᠭᠦᠨ ᠳᠤ ᠴᠠᠶᠢᠶ᠊ᠢᠤ ᠲᠤᠰᠤᠨ ᠤ ᠨᠦᠭᠡᠴᠡ ᠶᠢᠨ ᠪᠠᠭᠤᠷᠠᠯᠲᠠ ᠬᠠᠮᠤᠬ ᠤᠨ ᠶᠡᠬᠡ ᠪᠠᠶᠢᠪᠠ᠃

    ᠲᠦᠭᠦᠬᠡᠢ ᠲᠤᠰᠤᠨ ᠤ ᠲᠠᠯ᠎ᠠ ᠪᠡᠷ᠂ 8 ᠰᠠᠷ᠎ᠠ ᠳᠤ ᠳᠤᠮᠳᠠᠳᠤ ᠤᠯᠤᠰ ᠤᠨ ᠲᠦᠭᠦᠬᠡᠢ ᠲᠤᠰᠤᠨ ᠤ ᠴᠡᠪᠡᠷ ᠤᠷᠤᠭᠤᠯᠤᠯᠲᠠ ᠦᠩᠭᠡᠷᠡᠭᠰᠡᠨ ᠡᠭᠡᠯᠵᠢ ᠡᠴᠡ 5.87% ᠪᠡᠷ ᠨᠡᠮᠡᠭᠳᠡᠵᠦ᠂ ᠦᠰᠦᠯᠲᠠ ᠬᠠᠮᠤᠬ ᠤᠨ ᠦᠨᠳᠦᠷ᠃ ᠭᠡᠪᠡᠴᠦ ᠤᠯᠤᠰ ᠤᠨ ᠳᠤᠲᠤᠭᠠᠳᠤ ᠶᠢᠨ ᠲᠦᠭᠦᠬᠡᠢ ᠲᠤᠰᠤᠨ ᠤ ᠭᠠᠷᠤᠯᠲᠠ ᠦᠩᠭᠡᠷᠡᠭᠰᠡᠨ ᠡᠭᠡᠯᠵᠢ ᠡᠴᠡ ᠬᠠᠰᠤᠬᠳᠠᠪᠠ᠃ ᠬᠡᠷᠡᠭᠯᠡᠭᠡᠨ ᠤ ᠲᠠᠯ᠎ᠡ ᠪᠡᠷ᠂ ᠲᠦᠭᠦᠬᠡᠢ ᠲᠤᠰᠤ ᠡᠳ᠋ᠰᠢᠭᠦᠯᠦᠭᠰᠡᠨ ᠬᠡᠮᠵᠢᠶ᠎ᠡ ᠦᠩᠭᠡᠷᠡᠭᠰᠡᠨ ᠡᠭᠡᠯᠵᠢ ᠡᠴᠡ ᠪᠠᠨ ᠪᠠᠭᠠᠰᠪᠠ᠃ ᠶᠡᠷᠦᠩᠬᠡᠢ ᠳᠡᠭᠡᠨ 8 ᠰᠠᠷ᠎ᠠ ᠳᠤ ᠬᠢᠨᠠᠯᠲᠠ ᠳᠤ ᠪᠠᠶᠢᠭ᠎ᠠ ᠲᠦᠭᠦᠬᠡᠢ ᠲᠤᠰᠤᠨ ᠤ ᠬᠤᠳᠠᠯᠳᠤᠭ᠎ᠠ ᠶᠢᠨ ᠨᠦᠬᠡᠴᠡ ᠦᠩᠭᠡᠷᠡᠭᠰᠡᠨ ᠡᠭᠡᠯᠵᠢ ᠡᠴᠡ ᠪᠠᠨ ᠨᠡᠮᠡᠭᠳᠡᠵᠡᠢ᠃

ᠢᠷᠡᠯᠳᠡ᠄ ᠡᠳ᠋ ᠤᠨ ᠵᠠᠰᠠᠬ ᠤᠨ ᠯᠠᠪᠯᠠᠯᠲᠠ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119641112