蒙古文网站Logo
ᠰᠢᠨᠬᠤᠸᠠ ᠮᠤᠩᠭ᠋ᠤᠯ ᠨᠧᠲ

ᠠᠩᠬᠠᠳᠠᠭᠴᠢ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠤᠤᠯᠤᠷ ᠤᠨ ᠠᠵᠤ ᠦᠢᠯᠡᠳᠪᠤᠷᠢ ᠵᠢᠨ ᠦᠵᠡᠰᠬᠦᠯᠡᠩ ᠨᠡᠬᠡᠭᠡᠯᠲᠡ ᠪᠠᠨ ᠬᠢᠯ᠎ᠡ

2016-09-29 11:13

    9 ᠰᠠᠷ᠎ᠠ ᠵᠢᠨ 28 ᠤ᠋ ᠡᠳᠦᠷ᠂ ᠠᠩᠬᠠᠳᠠᠭᠴᠢ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠤᠤᠯᠤᠷ ᠤᠨ ᠠᠵᠤ ᠦᠢᠯᠡᠳᠪᠦᠷᠢ ᠵᠢᠨ ᠦᠵᠡᠰᠬᠦᠯᠡᠩ ᠵᠢᠴᠢ 2016 ᠤᠨ ᠤ ᠤᠷᠳᠤᠰ ᠤᠨ ᠤᠯᠠᠨ ᠤᠯᠤᠰ ᠤᠨ ᠨᠤᠤᠯᠤᠷ ᠤᠨ ᠠᠵᠤ ᠦᠢᠯᠡᠳᠪᠦᠷᠢ ᠵᠢᠨ ᠰᠢᠨᠡᠴᠢᠯᠡᠯᠲᠡ ᠵᠢᠨ ᠶᠡᠬᠡ ᠬᠤᠷᠠᠯ ᠤᠷᠳᠤᠰ ᠬᠤᠲᠠᠨ᠎ᠠ ᠨᠡᠬᠡᠭᠡᠯᠲᠡ ᠪᠠᠨ ᠬᠢᠯ᠎ᠡ᠃ ᠋

    ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩ᠋ᠭᠤ ᠵᠢᠨ ᠭᠡᠰᠢᠭᠦᠨ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠹᠦ᠋ ᠲᠠᠢ ᠽᠸᠩ ᠬᠤᠷᠠᠯ ᠳ᠋ᠥ ᠤᠷᠤᠯᠴᠠᠪᠠ᠃

    ᠤᠯᠤᠰ ᠤᠨ ᠳᠤᠲᠤᠭᠠᠳᠤ ᠵᠢᠨ ᠨᠤᠤᠯᠤᠷ ᠤᠨ ᠦᠢᠯᠡᠳᠬᠦᠨ ᠤ ᠠᠵᠤ ᠠᠬᠤᠶᠢᠯᠠᠯ ᠤᠨ ᠲᠦᠯᠦᠭᠡᠯᠡᠭᠴᠢ᠂ ᠮᠡᠷᠭᠡᠵᠢᠯᠲᠡᠨ᠂ ᠤᠯᠤᠰ ᠤᠨ ᠳᠤᠲᠤᠭᠠᠳᠤ ᠭᠠᠳᠠᠭᠠᠳᠤ ᠵᠢᠨ ᠬᠡᠷᠡᠭᠯᠡᠭᠴᠢ᠂ ᠳᠤᠮᠲᠠ ᠪᠠᠭ᠎ᠠ ᠠᠵᠤ ᠠᠬᠤᠶᠢᠯᠠᠯ ᠤᠨ ᠲᠦᠯᠤᠭᠡᠯᠡᠭᠴᠢ ᠵᠡᠷᠭᠡ ᠶᠢ ᠪᠠᠭᠲᠠᠭᠠᠭᠰᠠᠨ 400 ᠭᠠᠷᠤᠢ ᠬᠦᠮᠦᠨ 3 ᠡᠳᠦᠷ ᠦᠷᠭᠦᠯᠵᠢᠯᠡᠬᠦ ᠲᠤᠰ ᠤᠳᠠᠭᠠᠨ ᠤ ᠬᠤᠷᠠᠯ ᠳ᠋ᠥ ᠤᠷᠤᠯᠴᠠᠨ᠎ᠠ᠃(ᠳᠠᠳᠤᠯᠭ᠎ᠠ ᠵᠢᠨ ᠰᠤᠷᠤᠭᠴᠢ ᠪᠠᠶᠠᠰᠤᠯ ᠤᠷᠴᠢᠭᠤᠯᠪᠠ)

ᠢᠷᠡᠯᠳᠡ᠄ ᠠᠷᠠᠳ ᠤᠨ ᠰᠦᠯᠵᠢᠶ᠎ᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119646436