蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠺᠠᠷᠲ ᠢᠶᠡᠷ ᠲᠤᠭᠠᠴᠠᠭ᠎ᠠ ᠬᠢᠭ᠍ᠰᠡᠨ ᠪᠠᠶᠢᠳᠠᠯ ᠲᠡᠦᠬᠡ ᠶᠢᠨ ᠲᠡᠮᠳᠡᠭᠯᠡᠯ ᠢ ᠰᠢᠨᠡᠳᠬᠡᠯ᠎ᠡ

2016-10-10 10:43

    ᠳᠤᠮᠳᠠᠳᠤ ᠤᠯᠤᠰ ᠤᠨ ᠪᠠᠩᠬᠢ ᠶᠢᠨ ᠬᠤᠯᠪᠤᠭ᠎ᠠ 8 ᠤ᠋ ᠡᠳᠦᠷ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠡᠬᠢ ᠺᠠᠷᠲ ᠢᠶᠡᠷ ᠲᠤᠭᠠᠴᠠᠭ᠎ᠠ ᠬᠢᠭ᠍ᠰᠡᠨ ᠪᠠᠶᠢᠳᠠᠯ ᠢ ᠨᠡᠶᠢᠲᠡᠯᠡᠵᠡᠢ᠃ ᠠᠮᠠᠷᠠᠯᠲᠠ ᠶᠢᠨ 7 ᠬᠤᠨᠤᠬ ᠲᠤ ᠪᠠᠩᠬᠢ ᠶᠢᠨ ᠬᠤᠯᠪᠤᠭᠠᠨ ᠤ ᠰᠦᠯᠵᠢᠶ᠎ᠡ ᠪᠡᠷ ᠰᠤᠯᠢᠯᠴᠠᠬᠰᠠᠨ ᠶᠡᠷᠦᠩᠬᠡᠢ ᠦᠷᠲᠡᠭ 8819 ᠳ᠋ᠦ᠋ᠩᠰᠢᠭᠤᠷ ᠲᠦᠭᠦᠷᠢᠭ᠌᠂ ᠰᠤᠯᠢᠯᠴᠠᠬᠰᠠᠨ ᠤᠳᠠᠭ᠎ᠠ 5.7 ᠳ᠋ᠦ᠋ᠩᠰᠢᠭᠤᠷ᠂ ᠦᠩᠭᠡᠷᠨᠭᠰᠡᠨ ᠤᠨ ᠤ ᠮᠦᠨ ᠦᠶ᠎ᠡ ᠡᠴᠡ ᠲᠤᠰᠪᠤᠷᠢ 36% ᠪᠠ 14% ᠪᠡᠷ ᠨᠡᠮᠡᠭᠳᠡᠵᠦ᠂ ᠦᠷᠭᠦᠯᠵᠢᠯᠡᠨ ᠲᠡᠦᠬᠡ ᠶᠢᠨ ᠳᠡᠮᠳᠡᠭᠯᠡᠯ ᠢ ᠰᠢᠨᠡᠳᠬᠡᠯ᠎ᠡ᠃

    ᠬᠡᠷᠡᠭᠯᠡᠭᠡ ᠶᠢᠨ ᠪᠦᠲᠦᠴᠡ ᠡᠴᠡ ᠬᠠᠷᠠᠪᠠᠯ᠂ ᠠᠮᠠᠷᠠᠯᠲᠠ ᠶᠢᠨ 7 ᠬᠤᠨᠤᠬ ᠲᠤ ᠺᠠᠷᠲ ᠢᠶᠡᠷ ᠲᠤᠭᠠᠴᠠᠭ᠎ᠠ ᠬᠢᠭ᠍ᠰᠡᠨ ᠡᠳᠦᠷ ᠲᠤᠳᠤᠮ ᠤᠨ ᠬᠡᠷᠡᠭᠯᠡᠭᠡ ᠲᠦᠷᠭᠡᠨ ᠨᠡᠮᠡᠭᠳᠡᠵᠦ᠂ ᠪᠠᠭᠤᠳᠠᠯ᠂ ᠬᠤᠭᠤᠯᠠᠨ ᠭᠠᠵᠠᠷ᠂ ᠵᠢᠭᠤᠯᠴᠢᠯᠠᠯ᠂ ᠨᠠᠭᠠᠰᠠᠢ ᠴᠠᠭᠠᠠᠰᠢ ᠵᠤᠷᠴᠢᠬᠤ᠂ ᠪᠠᠷᠠᠭ᠎ᠠ ᠠᠪᠬᠤ ᠵᠡᠷᠭᠡ ᠲᠠᠯ᠎ᠠ ᠪᠡᠷ ᠬᠢ ᠬᠡᠷᠡᠭᠯᠡᠬᠡ ᠨᠡᠯᠢᠶᠡᠳ ᠦᠨᠳᠦᠷ᠃

    ᠠᠮᠠᠷᠠᠯᠲᠠ ᠶᠢᠨ 7 ᠬᠤᠨᠤᠭ ᠲᠤ ᡁᠢ ᠹᠦ᠋ ᠪᠤᠤ(支付宝) ᠪᠡᠷ ᠲᠤᠭᠠᠴᠠᠭ᠎ᠠ ᠬᠢᠭ᠍ᠰᠡᠨ ᠬᠦᠮᠦᠨ ᠤ ᠲᠤᠭ᠎ᠠ 4000 ᠲᠦᠮᠡ ᠳᠤ ᠬᠦᠷᠴᠦ᠂ ᠦᠩᠭᠡᠷᠡᠭᠰᠡᠨ ᠤᠨ ᠤ ᠮᠦᠨ ᠦᠶ᠎ᠡ ᠡᠴᠡ 4 ᠳᠠᠬᠢᠨ ᠨᠡᠮᠡᠭ᠍ᠳᠡᠵᠦ᠂ ᠰᠤᠯᠢᠯᠴᠠᠬᠰᠠᠨ ᠦᠷᠲᠡᠭ ᠦᠩᠭᠡᠷᠡᠭᠰᠡᠨ ᠤᠨ ᠤ ᠮᠦᠨ ᠦᠶ᠎ᠡ ᠡᠴᠡ ᠪᠠᠨ 9 ᠳᠠᠬᠢᠨ ᠨᠡᠮᠡᠭᠳᠡᠵᠡᠢ᠃ ᠡᠭᠦᠨ ᠤ ᠵᠡᠷᠭᠡᠪᠡᠷ ᠬᠢᠯᠢ ᠶᠢᠨ ᠭᠠᠳᠠᠨ᠎ᠠ ᠵᠢᠭᠤᠯᠴᠢᠯᠠᠳᠠᠬ ᠬᠦᠮᠦᠰ ᠤᠯᠠᠮ ᠤᠯᠠᠰᠢᠷᠠᠵᠦ᠂ ᠬᠢᠯᠢ ᠶᠢᠨ ᠭᠠᠳᠠᠨ᠎ᠠ ᡁᠢ ᠹᠦ᠋ ᠪᠤᠤ ᠪᠡᠷ ᠲᠤᠭᠠᠴᠠᠭ᠎ᠠ ᠬᠢᠭ᠍ᠰᠡᠨ ᠤᠳᠠᠭ᠎ᠠ ᠦᠩᠭᠡᠷᠡᠭᠰᠡᠨ ᠤᠨ ᠤ ᠮᠦᠨ ᠦᠶ᠎ᠡ ᠡᠴᠡ 4 ᠳᠠᠬᠢᠨ ᠰᠢᠬᠠᠮ ᠨᠡᠮᠡᠭᠳᠡᠵᠡᠢ᠃

ᠢᠷᠡᠯᠳᠡ᠄ ᠠᠷᠠᠳ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119685915