蒙古文网站Logo
ᠰᠢᠨᠬᠤᠸᠠ ᠮᠤᠩᠭ᠋ᠤᠯ ᠨᠧᠲ

2016 ᠤᠨ ᠤ ᠬᠤᠭᠤᠯᠠ ᠤᠮᠳᠠ ᠶᠢᠨ ᠤᠷᠤᠯᠭ᠎ᠠ 3.4 ᠲᠦᠮᠡᠨ ᠳ᠋ᠦ᠋ᠩᠰᠢᠭᠤᠷ ᠲᠦᠭᠦᠷᠢᠭ᠌ ᠢ ᠳᠠᠪᠠᠨ᠎ᠠ ᠭᠡᠳᠡᠭ ᠲᠠᠭᠠᠮᠠᠬ ᠦᠭ᠍ᠴᠦ ᠪᠤᠢ

2016-10-12 10:39

    ᠰᠢᠨᠬᠤᠸᠠ ᠬᠤᠷᠢᠶ᠎ᠠ  ᠲᠢᠶᠠᠨᠵᠢᠨ ᠤ 10 ᠰᠠᠷ᠎ᠠ ᠶᠢᠨ 12 ᠤ᠋ᠨ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠯᠢ ᠺᠦᠨ) ᠤᠶᠢᠷ᠎ᠡ ᠶᠢᠨ ᠡᠳᠦᠷ᠂ ᠳᠤᠮᠳᠠᠳᠤ ᠤᠯᠤᠰ ᠤᠨ ᠭᠠᠯ ᠲᠤᠭᠤᠭᠠᠨ ᠤ ᠤᠷᠠᠯᠢᠬ ᠤᠨ ᠨᠡᠶᠢᠭᠡᠮᠯᠢᠭ᠌ ᠤᠨ ᠳᠠᠷᠤᠭ᠎ᠠ ᠵᠢᠶᠠᠩ ᠵᠢᠶᠦ᠋ᠨ ᠰᠢᠶᠠᠨ᠂ 2016 ᠤᠨ ᠤ ᠳᠤᠮᠳᠠᠳᠤ ᠤᠯᠤᠰ ᠤᠨ ᠬᠤᠭᠤᠯᠠ ᠤᠮᠳᠠ ᠶᠢᠨ ᠤᠷᠤᠯᠭ᠎ᠠ 3.4 -3.5 ᠲᠦᠮᠡᠨ ᠳ᠋ᠦ᠋ᠩᠰᠢᠭᠤᠷ ᠲᠦᠭᠦᠷᠢᠭ᠌ ᠬᠦᠷᠦᠨ᠎ᠡ ᠬᠡᠳᠡᠭ ᠲᠠᠭᠠᠮᠠᠬ ᠦᠭ᠍ᠭᠦᠯ᠎᠎ᠡ᠃

    ᠳᠦᠷᠪᠡᠳᠡᠬᠢ ᠬᠤᠭᠤᠴᠠᠭᠠᠨ ᠤ ᠳᠤᠮᠳᠠᠳᠤ ᠤᠯᠤᠰ ᠤᠨ ᠰᠢᠯᠭᠠᠷᠠᠬᠰᠠᠨ ᠲᠤᠭᠤᠭᠠᠴᠢᠳ ᠤᠨ ᠤᠷᠠᠯᠢᠬ ᠤᠨ ᠰᠤᠯᠢᠯᠴᠠᠭᠠᠨ ᠤ ᠠᠵᠢᠯᠯᠠᠭ᠎ᠠ 10 ᠤ᠋ ᠡᠳᠦᠷ ᠡᠴᠡ 12 ᠤ᠋ᠨ ᠡᠳᠦᠷ ᠪᠤᠯᠲᠠᠯ᠎ᠠ ᠲᠢᠶᠠᠨᠵᠢᠨ ᠬᠤᠲᠠ ᠳᠤ ᠵᠤᠬᠢᠶᠠᠨ ᠪᠠᠶᠢᠭᠤᠯᠤᠬᠳᠠᠨ᠎ᠠ᠃ ᠵᠢᠶᠠᠩ ᠵᠢᠶᠦ᠋ᠨ ᠰᠢᠶᠠᠨ ᠬᠤᠷᠠᠯ ᠤᠨ ᠦᠶ᠎ᠡ ᠪᠡᠷ᠂ ᠳᠤᠮᠳᠠᠳᠤ ᠤᠯᠤᠰ ᠤᠨ ᠬᠤᠭᠤᠯᠠ ᠤᠮᠳᠠ ᠶᠢᠨ ᠦᠢᠯᠡᠰ 3 ᠵᠢᠯ ᠤᠨ ᠲᠤᠬᠢᠷᠠᠭᠤᠯᠤᠯᠲᠠ ᠵᠢ ᠦᠩᠭᠡᠷᠡᠭᠦᠯᠵᠦ᠂ ᠬᠠᠨᠭᠭᠠᠯᠲᠠ ᠶᠢᠨ ᠲᠠᠯ᠎ᠠ ᠪᠡᠷ ᠬᠢ ᠦᠭᠡᠷᠡᠴᠢᠯᠡᠯᠲᠡ ᠢᠯᠡᠷᠬᠡᠢ ᠪᠦᠲᠦᠮᠵᠢ ᠲᠠᠢ ᠪᠤᠯᠵᠦ᠂ ᠦᠩᠭᠡᠷᠡᠭᠰᠡᠨ ᠤᠨ ᠤ ᠰᠡᠭᠦᠯ ᠤᠨ ᠬᠠᠭᠠᠰ ᠵᠢᠯ ᠡᠴᠡ ᠡᠬᠢᠯᠡᠨ ᠦᠨᠳᠦᠰᠦᠨ ᠳᠡᠬᠡᠨ ᠶᠡᠷᠦ ᠶᠢᠨ ᠪᠠᠶᠢᠳᠠᠯ ᠳᠠᠭᠠᠨ ᠪᠤᠴᠠᠵᠦ᠂ ᠤᠷᠤᠯᠭ᠎ᠠ ᠨᠢ ᠦᠩᠭᠡᠷᠡᠭᠰᠡᠨ ᠡᠭᠡᠯᠵᠢ ᠡᠴᠡ ᠪᠠᠨ ᠬᠤᠶᠠᠷ ᠤᠷᠤᠨᠲᠤ ᠲᠤᠭ᠎ᠠ ᠪᠡᠷ ᠨᠡᠮᠡᠭᠳᠡᠨ᠂ ᠨᠡᠶᠢᠭᠡᠮ ᠤᠨ ᠬᠡᠷᠡᠭ᠍ᠯᠡᠭᠡᠨ ᠤ ᠲᠠᠸᠠᠷ ᠤᠨ ᠵᠢᠵᠢᠭ᠍ᠯᠡᠨ ᠬᠤᠳᠠᠯᠳᠤᠬᠤ ᠶᠡᠷᠦᠩᠬᠡᠢ ᠦᠷᠲᠡᠭ ᠤᠨ 10% ᠡᠴᠡ ᠳᠡᠭᠡᠭ᠍ᠰᠢᠬᠢ ᠵᠢ ᠡᠵᠡᠯᠡᠵᠡᠢ ᠭᠡᠪᠡ᠃

    ᠡᠳ᠋ ᠤᠨ ᠵᠠᠰᠠᠬ ᠤᠨ ᠬᠢᠮᠤᠷᠠᠯ ᠬᠦᠨᠳᠦᠷᠡᠯ ᠲᠠᠢ ᠪᠠᠶᠢᠭ᠎ᠠ ᠪᠠᠶᠢᠳᠠᠯ ᠳᠤ ᠬᠤᠭᠤᠯᠠ ᠤᠮᠳᠠ ᠶᠢᠨ ᠦᠢᠯᠡᠰ ᠮᠦᠨ ᠦᠷᠨᠢᠭᠦᠨ ᠬᠦᠭ᠍ᠵᠢᠯᠲᠠ ᠲᠠᠢ ᠪᠠᠶᠢᠬᠰᠠᠭᠠᠷ᠂ ᠤᠳᠤᠬᠠᠨ ᠳᠤ ᠤᠯᠠᠨ ᠨᠡᠶᠢᠲᠡ ᠶᠢᠨ ᠬᠡᠷᠡᠭᠯᠡᠬᠡ ᠬᠤᠭᠤᠯᠠ ᠤᠮᠳᠠ ᠶᠢᠨ ᠤᠷᠤᠯᠭ᠎ᠠ ᠶᠢᠨ ᠭᠤᠤᠯ ᠪᠦᠷᠢᠯᠳᠦᠭᠦᠨ ᠪᠤᠯᠵᠦ 70% ᠤᠷᠴᠢᠮ ᠢ ᠡᠵᠡᠯᠡᠵᠦ ᠪᠤᠢ᠃ 《13·5》ᠵᠢᠯ ᠤᠨ ᠬᠦᠭ᠍ᠵᠢᠯᠲᠡ ᠶᠢᠨ ᠲᠦᠰᠦᠯ ᠤᠨ ᠬᠤᠭᠤᠴᠠᠭᠠᠨ ᠳᠤ ᠬᠤᠭᠤᠯᠠ ᠤᠮᠳᠠ ᠶᠢᠨ ᠤᠷᠤᠯᠭ᠎ᠠ 5 ᠲᠦᠮᠡᠨ ᠳ᠋ᠦ᠋ᠩᠰᠢᠭᠤᠷ ᠲᠦᠭᠦᠷᠢᠭ᠌ ᠢ ᠳᠠᠪᠠᠨ᠎ᠠ ᠭᠡᠳᠡᠭ ᠲᠤ ᠪᠢ ᠪᠠᠲᠤ ᠢᠲᠡᠭᠡᠵᠦ ᠪᠤᠢ ᠭᠡᠵᠦ ᠵᠢᠶᠠᠩ ᠵᠢᠶᠦ᠋ᠨ ᠰᠢᠶᠠᠨ ᠶᠠᠷᠢᠵᠦ ᠪᠠᠶᠢᠯ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119701139