蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠨᠡᠭᠦᠷᠡᠰᠦᠨ ᠤ ᠦᠨ᠎ᠡ ᠵᠠᠯᠭᠠᠪᠡᠷ 5 ᠰᠠᠷ᠎ᠠ ᠦᠰᠪᠡ

2016-10-13 17:16

    ᠰᠢᠨᠬᠤᠸᠠ ᠬᠤᠷᠢᠶ᠎ᠠ  ᠬᠦᠬᠡᠬᠤᠲᠠ ᠵᠢᠨ 10 ᠰᠠᠷ᠎ᠠ ᠵᠢᠨ 12 ᠤ᠋ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠳ᠋ᠦᠩ ᠯᠦ) ᠰᠤᠷᠪᠤᠯᠵᠢᠯᠠᠭᠴᠢ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭ᠍ᠵᠢᠭᠦᠯᠦᠯᠲᠡ ᠵᠢᠨ ᠵᠦᠪᠯᠡᠯ ᠤᠨ ᠦᠨ᠎ᠡ ᠬᠠᠩᠰᠢ ᠰᠢᠯᠭᠠᠨ ᠪᠠᠶᠢᠴᠠᠭᠠᠬᠤ ᠲᠦᠪ ᠡᠴᠡ ᠤᠶᠢᠯᠠᠭᠠᠭᠰᠠᠨ ᠨᠢ᠂ ᠦᠨᠦ ᠵᠢᠯ ᠤᠨ 9 ᠰᠠᠷ᠎ᠠ ᠳ᠋ᠥ᠂ ᠦᠪᠦᠷ ᠮᠤᠩᠭ᠋ᠤᠯ ᠤᠨ ᠨᠡᠭᠦᠷᠡᠰᠦᠨ ᠤ ᠦᠨ᠎ᠡ 5 ᠰᠠᠷ᠎ᠠ ᠡᠴᠡ ᠬᠤᠶᠢᠰᠢ ᠦᠷᠭᠦᠯᠵᠢᠯᠡᠨ ᠦᠰᠬᠦ ᠬᠠᠨᠳᠤᠰᠢ ᠪᠠᠨ ᠪᠠᠲᠤᠯᠠᠭᠰᠠᠨ ᠶᠢᠡᠷ ᠦᠯᠦ ᠪᠠᠷᠠᠨ ᠦᠰᠦᠯᠲᠡ ᠵᠢᠨ ᠬᠡᠮᠵᠢᠶ᠎ᠡ ᠦᠷᠭᠦᠯᠵᠢᠯᠡᠨ ᠨᠡᠮᠡᠭᠳᠡᠵᠡᠢ᠃ ᠭᠤᠤᠯ ᠦᠢᠯᠡᠳᠪᠦᠷᠢᠯᠡᠭᠰᠡᠨ ᠭᠠᠵᠠᠷ ᠤᠨ ᠰᠢᠲᠠᠭᠠᠯᠭ᠎ᠠ ᠶᠢᠨ ᠢᠯᠴᠢᠯᠢᠭ᠌ ᠨᠡᠭᠦᠷᠡᠰᠦ ᠵᠢᠨ ᠠᠭᠤᠷᠬᠠᠢ ᠡᠴᠡ ᠭᠠᠷᠬᠤ ᠳᠤᠮᠳᠠᠴᠢ ᠦᠨ᠎ᠡ ᠨᠢ ᠳ᠍ᠦᠨ ᠪᠦᠷᠢ ᠳ᠋ᠥ ᠪᠠᠨ 157.03 ᠲᠦᠭᠦᠷᠢᠭ᠌᠂ ᠦᠩᠭᠡᠷᠡᠭᠰᠡᠨ ᠡᠭᠡᠯᠵᠢ ᠡᠴᠡ 11.1% ᠪᠡᠷ ᠨᠡᠮᠡᠭᠳᠡᠨ᠂ ᠦᠩᠭᠡᠷᠡᠭᠰᠡᠨ ᠤᠨ ᠤ ᠮᠦᠨ ᠦᠶ᠎ᠡ ᠡᠴᠡ 19.18% ᠪᠡᠷ ᠨᠡᠮᠡᠭᠳᠡᠵᠦ᠂ ᠨᠢᠭᠡᠨᠲᠡ ᠵᠠᠯᠭᠠᠪᠡᠷ 5 ᠰᠠᠷ᠎ᠠ ᠦᠰᠪᠡ᠃

    ᠤᠶᠢᠯᠠᠭᠠᠭᠰᠠᠨ ᠶᠢᠡᠷ᠂ ᠵᠡᠭᠦᠨ ᠪᠦᠰᠡ ᠨᠤᠲᠤᠬ ᠤᠨ ᠬᠦᠷᠡᠩ ᠨᠡᠭᠦᠷᠡᠰᠦ  ᠵᠢᠨ ᠠᠭᠤᠷᠬᠠᠢ ᠡᠴᠡ ᠭᠠᠷᠬᠤ ᠳᠤᠮᠳᠠᠴᠢ ᠦᠨ᠎ᠡ ᠨᠢ ᠳ᠍ᠦᠨ ᠪᠦᠷᠢ ᠳ᠋ᠥ ᠪᠠᠨ 110.56 ᠲᠦᠭᠦᠷᠢᠭ᠌᠂ ᠦᠩᠭᠡᠷᠡᠭᠰᠡᠨ ᠡᠭᠡᠯᠵᠢ ᠡᠴᠡ 2.27% ᠪᠡᠷ ᠨᠡᠮᠡᠭᠳᠡᠨ᠂ ᠦᠩᠭᠡᠷᠡᠭᠰᠡᠨ ᠤᠨ ᠤ ᠮᠦᠨ ᠦᠶ᠎ᠡ ᠡᠴᠡ 5.54% ᠪᠡᠷ ᠨᠡᠮᠡᠭᠳᠡᠪᠡ᠃ ᠤᠷᠳᠤᠰ ᠤᠨ ᠰᠢᠲᠠᠭᠠᠯᠭ᠎ᠠ ᠶᠢᠨ ᠢᠯᠴᠢᠯᠢᠭ᠌ ᠨᠡᠭᠦᠷᠡᠰᠦ ᠶᠢᠨ ᠠᠭᠤᠷᠬᠠᠢ ᠡᠴᠡ ᠭᠠᠷᠬᠤ ᠳᠤᠮᠳᠠᠴᠢ ᠦᠨ᠎ᠡ ᠨᠢ ᠳ᠍ᠦᠨ ᠪᠦᠷᠢ ᠳ᠋ᠥ ᠪᠠᠨ 241.67 ᠲᠦᠭᠦᠷᠢᠭ᠌᠂ ᠦᠩᠭᠡᠷᠡᠭᠰᠡᠨ ᠡᠭᠡᠯᠵᠢ ᠡᠴᠡ 39.42% ᠪᠡᠷ ᠨᠡᠮᠡᠭᠳᠡᠨ᠂ ᠦᠩᠭᠡᠷᠡᠭᠰᠡᠨ ᠤᠨ ᠤ ᠮᠦᠨ ᠦᠶ᠎ᠡ ᠡᠴᠡ 114.92%   ᠶ᠋ᠢᠡᠷ ᠨᠡᠮᠡᠭᠳᠡᠵᠠᠢ᠃

    ᠮᠦᠨ ᠦᠶ᠎ᠡ ᠵᠢᠨ ᠦᠪᠦᠷ ᠮᠤᠩᠭ᠋ᠤᠯ ᠤᠨ ᠴᠠᠬᠢᠯᠭᠠᠨ ᠳ᠋ᠥ ᠬᠡᠷᠡᠭᠯᠡᠬᠦ ᠨᠡᠭᠦᠷᠡᠰᠦ ᠵᠢᠨ ᠬᠤᠳᠠᠯᠳᠤᠨ ᠠᠪᠤᠭᠰᠠᠨ ᠳᠤᠮᠳᠠᠴᠢ ᠦᠨ᠎ᠡ ᠳ᠍ᠦᠨ ᠪᠦᠷᠢ ᠳ᠋ᠥ ᠪᠠᠨ 153.77 ᠲᠦᠭᠦᠷᠢᠭ᠌᠂ ᠦᠩᠭᠡᠷᠡᠭᠰᠡᠨ ᠡᠭᠡᠯᠵᠢ ᠡᠴᠡ 2.87% ᠪᠡᠷ ᠨᠡᠮᠡᠭᠳᠡᠨ᠂ ᠦᠩᠭᠡᠷᠡᠭᠰᠡᠨ ᠤᠨ ᠤ ᠮᠦᠨ ᠦᠶ᠎ᠡ ᠡᠴᠡ 0.39% ᠪᠡᠷ ᠪᠠᠭᠤᠷᠠᠪᠠ᠃

    ᠵᠠᠳᠠᠯᠤᠯᠲᠠ ᠵᠢ ᠦᠨᠳᠦᠰᠦᠯᠡᠪᠡᠯ᠂ ᠦᠢᠯᠡᠳᠪᠦᠷᠢᠯᠡᠯ ᠤᠨ ᠴᠢᠳᠠᠪᠬᠢ ᠵᠢ ᠪᠠᠭᠤᠷᠠᠭᠤᠯᠬᠤ ᠵᠢ ᠦᠷᠭᠦᠯᠵᠢᠯᠡᠨ ᠠᠬᠢᠭᠤᠯᠬᠤ ᠪᠠ ᠤᠯᠤᠰ ᠡᠴᠡ ᠨᠡᠭᠦᠷᠡᠰᠦᠨ ᠤ ᠦᠨ᠎ᠡ ᠵᠢᠨ ᠦᠰᠬᠦ ᠵᠢ ᠠᠷᠭᠠᠴᠠᠭᠠᠬᠤ ᠲᠦᠰᠦᠯ ᠢ ᠬᠡᠷᠡᠭᠵᠢᠬᠦᠯᠬᠦ ᠵᠢ ᠳᠠᠭᠠᠯᠳᠤᠨ ᠨᠡᠭᠦᠷᠡᠰᠦᠨ ᠤ ᠦᠨ᠎ᠡ ᠵᠤᠬᠢᠰᠲᠠᠢ ᠪᠠᠶᠢᠷᠢᠨ ᠳᠠᠭᠠᠨ ᠪᠤᠴᠠᠪᠠ᠂ ᠭᠡᠪᠡᠴᠦ ᠲᠤᠯᠠᠭᠠᠯᠭ᠎ᠠ ᠶᠢᠨ ᠬᠡᠷᠡᠭᠴᠡᠭᠡ ᠡᠴᠡ ᠪᠤᠯᠵᠦ ᠨᠡᠭᠦᠷᠡᠰᠦᠨ ᠤ ᠦᠨ᠎ᠡ ᠨᠢ ᠪᠠᠭ᠎ᠠ ᠬᠡᠮᠵᠢᠶ᠎ᠡ ᠪᠡᠷ ᠨᠡᠮᠡᠭᠳᠡᠬᠦ ᠪᠤᠯᠤᠨ᠎ᠠ᠃ (ᠳᠠᠳᠤᠯᠭ᠎ᠠ ᠵᠢᠨ ᠰᠤᠷᠤᠭᠴᠢ ᠪᠠᠶᠠᠰᠤᠯ ᠤᠷᠴᠢᠭᠤᠯᠪᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119712592