蒙古文网站Logo
ᠰᠢᠨᠬᠤᠸᠠ ᠮᠤᠩᠭ᠋ᠤᠯ ᠨᠧᠲ

ᠴᠢᠶ᠊ᠢᠤ ᠴᠠᠶᠢᠶ᠊ᠢᠤ ᠳᠤᠰᠤᠨ ᠤ ᠦᠨ᠎ᠡ ᠶᠡᠬᠡᠪᠡᠷ ᠦᠰᠴᠠᠢ

2016-10-20 12:35

    ᠰᠢᠨᠬᠤᠧᠠ ᠬᠤᠷᠢᠶ᠎ᠠ   ᠪᠡᠬᠡᠵᠢᠩ ᠤᠨ 10 ᠰᠠᠷ᠎ᠠ ᠶᠢᠨ 19 ᠤ᠋ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠠᠨ ᠪᠧᠢ) ᠤᠯᠤᠰ ᠤᠨ ᠦᠬᠡᠷᠡᠴᠢᠯᠡᠯᠳᠡ ᠬᠦᠭᠵᠢᠬᠦᠯᠦᠯᠳᠡ ᠶᠢᠨ ᠵᠦᠪᠯᠡᠯ 19 ᠤ ᠡᠳᠦᠷ ᠢᠯᠡᠷᠬᠡᠶᠢᠯᠡᠯᠳᠡ ᠨᠡᠶᠢᠳᠡᠯᠡᠵᠤ᠂ ᠤᠶᠢᠷ᠎ᠠ ᠶᠢᠨ ᠬᠤᠭᠤᠴᠠᠭᠠᠨ ᠤ ᠤᠯᠠᠨ ᠤᠯᠤᠰ ᠤᠨ ᠳᠤᠰᠤᠨ ᠤ ᠦᠨ᠎ᠡ ᠶᠢᠨ ᠬᠤᠪᠢᠷᠠᠯᠳᠠ ᠶᠢᠨ ᠪᠠᠶᠢᠳᠠᠯ ᠳᠤ ᠦᠨᠳᠦᠰᠦᠯᠡᠨ 2016 ᠤᠨ ᠤ 10 ᠰᠠᠷ᠎ᠠ ᠶᠢᠨ 19 ᠤ ᠡᠳᠦᠷ ᠤᠨ 24᠄00 ᠴᠠᠭ ᠡᠴᠡ ᠡᠬᠢᠯᠡᠨ ᠤᠯᠤᠰ ᠤᠨ ᠳᠤᠳᠤᠭᠠᠳᠤ ᠶᠢᠨ ᠴᠢᠶ᠊ᠢᠤ ᠴᠠᠶᠢᠶ᠊ᠢᠤ ᠳᠤᠰᠤᠨ ᠤ ᠦᠨ᠎ᠡ ᠶᠢ ᠳᠤᠰ ᠳᠤᠰ ᠲᠤᠨ ᠪᠦᠷᠢ ᠳᠤ 355 ᠳᠦᠬᠦᠷᠢᠭ ᠪᠠ 340 ᠳᠦᠬᠦᠷᠢᠭ ᠦᠰᠬᠡᠨ᠎ᠡ ᠬᠡᠵᠡᠢ᠃

    ᠤᠳᠤ ᠪᠤᠯᠳᠠᠯ᠎ᠠ᠂ ᠡᠨᠡ ᠵᠢᠯ ᠤᠨ ᠴᠢᠶ᠊ᠢᠤ ᠴᠠᠶᠢᠶ᠊ᠢᠤ ᠳᠤᠰᠤᠨ ᠤ ᠦᠨ᠎ᠡ ᠳᠤ ᠨᠢᠬᠡᠨᠳᠡ 20 ᠤᠳᠠᠭᠠᠨ ᠤ ᠳᠤᠬᠢᠷᠠᠭᠤᠯᠤᠯᠳᠠ ᠬᠢᠵᠠᠢ᠃ ᠡᠬᠦᠨ ᠳᠤ 4 ᠤᠳᠠᠭ᠎ᠠ ᠨᠢ ᠦᠨ᠎ᠡ ᠶᠢ ᠪᠠᠭᠤᠷᠠᠭᠤᠯᠵᠤ᠂ 7 ᠤᠳᠠᠭ᠎ᠠ ᠨᠢ ᠦᠨ᠎ᠡ ᠶᠢ ᠦᠰᠬᠡᠨ᠂ 3 ᠤᠳᠠᠭ᠎ᠠ ᠨᠢ ᠲᠤᠨ ᠪᠦᠷᠢ ᠳᠤ 50 ᠳᠦᠬᠦᠷᠢᠭ ᠬᠦᠷᠬᠦ ᠦᠬᠡᠢ ᠪᠡᠷ ᠬᠤᠪᠢᠷᠠᠭᠤᠯᠵᠤ᠂ 6 ᠤᠳᠠᠭ᠎ᠠ ᠨᠢ ᠤᠯᠠᠨ ᠤᠯᠤᠰ ᠤᠨ ᠳᠤᠰᠤᠨ ᠤ ᠦᠨ᠎ᠡ ᠡᠴᠡ ᠳᠦᠩᠰᠡ ᠪᠦᠷᠢ ᠳᠤ ᠪᠡᠨ 40 ᠳ᠋ᠤᠯᠯᠠᠷ ᠬᠢᠮᠳᠠ ᠪᠤᠯᠭᠠᠪᠠ᠃ ᠶᠡᠷᠦᠩᠬᠡᠢ ᠳᠤ ᠪᠡᠨ ᠴᠢᠶ᠊ᠢᠤ ᠳᠤᠰᠤᠨ ᠤ ᠦᠨ᠎ᠡ ᠶᠢ ᠲᠤᠨ ᠪᠦᠷᠢ ᠳᠤ 670 ᠳᠦᠬᠦᠷᠢᠭ ᠦᠰᠬᠡᠵᠤ᠂ ᠴᠠᠶᠢᠶ᠊ᠢᠤ ᠳᠤᠰᠤ ᠶᠢ ᠲᠤᠨ ᠪᠦᠷᠢ ᠳᠤ 645 ᠳᠦᠬᠦᠷᠢᠭ ᠦᠰᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119755879