蒙古文网站Logo
ᠰᠢᠨᠬᠤᠸᠠ ᠮᠤᠩᠭ᠋ᠤᠯ ᠨᠧᠲ

ᠦᠩᠬᠡᠷᠡᠭᠰᠡᠨ 9 ᠰᠠᠷ᠎ᠠ ᠳᠤ ᠦᠪᠦᠷ ᠮᠤᠩᠭᠤᠯ 5038.21 ᠳᠦᠮᠡᠨ ᠲᠤᠨ ᠪᠠᠷᠠᠭ᠎ᠠ ᠬᠢᠯᠢ ᠳᠠᠮᠨᠠᠭᠤᠯᠪᠠ

2016-10-23 09:51

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠳᠢᠩᠬᠢᠮ ᠤᠨ ᠳᠤᠭ᠎ᠠ ᠪᠦᠷᠢᠳᠬᠡᠯ ᠢ ᠦᠨᠳᠦᠰᠦᠯᠡᠪᠡᠯ᠂ ᠦᠩᠬᠡᠷᠡᠭᠰᠡᠨ 1 ᠡᠴᠡ 9 ᠰᠠᠷ᠎ᠠ ᠳᠤ ᠦᠪᠦᠷ ᠮᠤᠩᠭᠤᠯ ᠤᠨ ᠪᠤᠭᠤᠮᠳᠠ ᠪᠡᠷ ᠬᠢᠯᠢ ᠳᠠᠮᠨᠠᠭᠤᠯᠤᠭᠰᠠᠨ ᠪᠠᠷᠠᠭ᠎ᠠ ᠪᠦᠳᠦᠬᠡᠭᠳᠡᠬᠦᠨ 5038.21 ᠳᠦᠮᠡᠨ ᠲᠤᠨ ᠬᠦᠷᠴᠤ᠂ ᠡᠨᠡ ᠨᠢ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 18.2% ᠢᠶᠡᠷ ᠨᠡᠮᠡᠭᠳᠡᠵᠡᠢ᠃ ᠡᠬᠦᠨ ᠳᠤ ᠭᠠᠳᠠᠭᠠᠳᠤ ᠡᠴᠡ ᠤᠷᠤᠭᠤᠯᠤᠭᠰᠠᠨ ᠪᠠᠷᠠᠭ᠎ᠠ ᠪᠦᠳᠦᠬᠡᠭᠳᠡᠬᠦᠨ 3686.6 ᠳᠦᠮᠡᠨ ᠲᠤᠨ᠂ ᠡᠨᠡ ᠨᠢ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 32.6% ᠪᠡᠷ ᠨᠡᠮᠡᠭᠳᠡᠵᠤ᠂ ᠭᠠᠳᠠᠭᠠᠳᠤ ᠳᠤ ᠭᠠᠷᠭᠠᠭᠰᠠᠨ ᠪᠠᠷᠠᠭ᠎ᠠ ᠪᠦᠳᠦᠬᠡᠭᠳᠡᠬᠦᠨ 494.6 ᠳᠦᠮᠡᠨ ᠲᠤᠨ᠂ ᠡᠨᠡ ᠨᠢ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 8.2% ᠢᠶᠡᠷ ᠪᠠᠭᠤᠷᠠᠵᠠᠢ᠃ ᠪᠤᠭᠤᠮᠳᠠ ᠳᠠᠮᠨᠠᠨ ᠦᠩᠭᠡᠷᠡᠬᠦᠯᠦᠭᠰᠡᠨ ᠪᠠᠷᠠᠭ᠎ᠠ ᠪᠦᠳᠦᠬᠡᠭᠳᠡᠬᠦᠨ 857.01 ᠳᠦᠮᠡᠨ ᠲᠤᠨ ᠬᠦᠷᠴᠤ᠂ ᠡᠨᠡ ᠨᠢ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 9.2% ᠢᠶᠡᠷ ᠪᠠᠭᠤᠷᠠᠵᠠᠢ᠃

    ᠤᠶᠢᠯᠠᠭᠠᠭᠰᠠᠨ ᠢᠶᠡᠷ᠂ ᠤᠷᠤᠰ ᠲᠤ ᠬᠠᠨᠳᠤᠭᠤᠯᠤᠭᠰᠠᠨ ᠪᠤᠭᠤᠮᠳᠠ ᠪᠡᠷ ᠨᠡᠪᠳᠡᠷᠡᠬᠦᠯᠦᠭᠰᠡᠨ ᠪᠠᠷᠠᠭ᠎ᠠ ᠪᠦᠳᠦᠬᠡᠭᠳᠡᠬᠦᠨ 2088.79 ᠳᠦᠮᠡᠨ ᠲᠤᠨ ᠬᠦᠷᠴᠤ᠂ ᠡᠨᠡ ᠨᠢ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 2.7% ᠪᠡᠷ ᠨᠡᠮᠡᠭᠳᠡᠵᠡᠢ᠃ ᠡᠬᠦᠨ ᠳᠤ ᠭᠠᠳᠠᠭᠠᠳᠤ ᠡᠴᠡ ᠤᠷᠤᠭᠤᠯᠤᠭᠰᠠᠨ ᠪᠠᠷᠠᠭ᠎ᠠ ᠪᠦᠳᠦᠬᠡᠭᠳᠡᠬᠦᠨ 999.43 ᠳᠦᠮᠡᠨ ᠲᠤᠨ᠂ ᠡᠨᠡ ᠨᠢ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 9.2% ᠢᠶᠡᠷ ᠨᠡᠮᠡᠭᠳᠡᠵᠤ᠂ ᠭᠠᠳᠠᠭᠠᠳᠤ ᠳᠤ ᠭᠠᠷᠭᠠᠭᠰᠠᠨ ᠪᠠᠷᠠᠭ᠎ᠠ ᠪᠦᠳᠦᠬᠡᠭᠳᠡᠬᠦᠨ 232.35 ᠳᠦᠮᠡᠨ ᠲᠤᠨ᠂ ᠡᠨᠡ ᠨᠢ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 32.9% ᠪᠡᠷ ᠪᠠᠭᠤᠷᠠᠵᠠᠢ᠃ ᠮᠤᠩᠭᠤᠯ ᠤᠯᠤᠰ ᠲᠤ ᠬᠠᠨᠳᠤᠭᠤᠯᠤᠭᠰᠠᠨ ᠪᠤᠭᠤᠮᠳᠠ ᠪᠡᠷ ᠨᠡᠪᠳᠡᠷᠡᠬᠦᠯᠦᠭᠰᠡᠨ ᠪᠠᠷᠠᠭ᠎ᠠ ᠪᠦᠳᠦᠬᠡᠭᠳᠡᠬᠦᠨ ᠤ ᠬᠡᠮᠵᠢᠶ᠎ᠡ 2949.42 ᠳᠦᠮᠡᠨ ᠲᠤᠨ᠂ ᠡᠨᠡ ᠨᠢ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 32.6% ᠪᠡᠷ ᠨᠡᠮᠡᠭᠳᠡᠵᠠᠢ᠃ ᠡᠬᠦᠨ ᠳᠤ᠂ ᠭᠠᠳᠠᠭᠠᠳᠤ ᠡᠴᠡ ᠤᠷᠤᠭᠤᠯᠤᠭᠰᠠᠨ ᠪᠠᠷᠠᠭ᠎ᠠ ᠪᠦᠳᠦᠬᠡᠭᠳᠡᠬᠦᠨ 2687.17 ᠳᠦᠮᠡᠨ ᠲᠤᠨ᠂ ᠡᠨᠡ ᠨᠢ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 44.61 ᠪᠡᠷ ᠨᠡᠮᠡᠭᠳᠡᠵᠤ᠂ ᠭᠠᠳᠠᠭᠠᠳᠤ ᠳᠤ ᠭᠠᠷᠭᠠᠭᠰᠠᠨ ᠪᠠᠷᠠᠭ᠎ᠠ ᠪᠦᠳᠦᠬᠡᠭᠳᠡᠬᠦᠨ 262.25 ᠳᠦᠮᠡᠨ ᠲᠤᠨ᠂ ᠡᠨᠡ ᠨᠢ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 27.9% ᠢᠶᠡᠷ ᠪᠠᠭᠤᠷᠠᠵᠠᠢ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119769559