蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ᠄ ᠲᠦᠷᠦᠭᠦᠦ ᠭᠤᠷᠪᠠᠨ ᠤᠯᠠᠷᠢᠯ ᠤᠨ ᠭᠡᠷ ᠬᠦᠷᠦᠩᠭᠡ ᠶᠢᠨ ᠵᠠᠬ᠎ᠠ ᠵᠡᠭᠡᠯᠢ ᠶᠢᠨ ᠪᠠᠶᠢᠳᠠᠯ ᠰᠠᠶᠢᠵᠢᠷᠠᠪᠠ

2016-10-27 11:53

    ᠰᠢᠨᠬᠤᠸᠠ ᠬᠤᠷᠢᠶ᠎ᠠ  ᠬᠦᠬᠡᠬᠤᠲᠠ ᠶᠢᠨ 10 ᠰᠠᠷ᠎ᠠ ᠶᠢᠨ 27 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠳ᠋ᠦᠩ ᠯᠦ) ᠰᠤᠷᠪᠤᠯᠵᠢᠯᠠᠬᠴᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠬᠡᠯ ᠤᠨ ᠲᠤᠪᠴᠢᠶ᠎ᠠ ᠡᠴᠡ ᠤᠶᠢᠯᠠᠭᠠᠬᠰᠠᠨ ᠢᠶᠡᠷ᠂ ᠡᠨᠡ ᠤᠨ ᠤ ᠲᠦᠷᠦᠭᠦᠦ ᠭᠤᠷᠪᠠᠨ ᠤᠯᠠᠷᠢᠯ ᠳᠤ ᠦᠪᠦᠷ ᠮᠤᠨᠭᠭᠤᠯ ᠤᠨ ᠭᠡᠷ ᠬᠦᠷᠦᠩᠭᠡ ᠶᠢᠨ ᠵᠠᠬ᠎ᠠ ᠵᠡᠭᠡᠯᠢ ᠶᠢᠨ ᠬᠤᠳᠠᠯᠳᠤᠭ᠎ᠠ ᠰᠠᠶᠢᠵᠢᠷᠠᠵᠦ᠂ ᠲᠠᠸᠠᠷ ᠤᠨ ᠤᠷᠤᠨ ᠰᠠᠭᠤᠴᠠ 1428.21 ᠲᠦᠮᠡᠨ ᠺᠦᠸᠠᠳ᠋ ᠮᠧᠲ᠋ᠷ ᠪᠤᠷᠤᠯᠠᠭᠤᠯᠵᠦ᠂ ᠪᠤᠷᠤᠯᠠᠭᠤᠯᠤᠬᠰᠠᠨ ᠦᠷᠲᠡᠭ 648.23 ᠳ᠋ᠦ᠋ᠩᠰᠢᠭᠤᠷ ᠲᠦᠭᠦᠷᠢᠭ᠌ ᠬᠦᠷᠴᠦ᠂ ᠦᠩᠭᠡᠷᠡᠭᠰᠡᠨ ᠤᠨ ᠤ ᠮᠦᠨ ᠦᠶ᠎ᠡ ᠡᠴᠡ ᠲᠤᠰᠪᠤᠷᠢ 12.2%᠂ 11.6% ᠪᠡᠷ ᠨᠡᠮᠡᠭᠳᠡᠭᠰᠡᠨ ᠪᠠᠶᠢᠨ᠎ᠠ᠃

    ᠤᠶᠢᠯᠠᠭᠠᠬᠰᠠᠨ ᠢᠶᠡᠷ᠂ ᠡᠨᠡ ᠤᠨ ᠡᠴᠡ ᠨᠠᠭᠠᠰᠢ ᠭᠡᠷ ᠬᠦᠷᠦᠩᠭᠡ ᠶᠢᠨ ᠰᠢᠨ᠎ᠡ ᠪᠤᠳᠤᠯᠭ᠎ᠠ ᠪᠤᠯᠤᠨ ᠨᠦᠭᠡᠪᠦᠷᠢ ᠰᠠᠭᠤᠴᠠ ᠵᠢ ᠬᠤᠳᠠᠯᠳᠤᠬᠤ ᠠᠷᠭ᠎ᠠ ᠪᠤᠳᠤᠯᠭ᠎ᠠ ᠶᠢᠨ ᠨᠦᠯᠦᠭᠡᠯᠡᠯ ᠢᠶᠡᠷ᠂ ᠦᠪᠦᠷ ᠮᠤᠨᠭᠭᠤᠯ ᠤᠨ ᠭᠡᠷ ᠬᠦᠷᠦᠩᠭᠡ ᠶᠢᠨ ᠵᠠᠬ᠎ᠠ 2015 ᠤᠨ ᠤ ᠬᠦᠨᠳᠦᠷᠡᠯ ᠲᠠᠢ ᠪᠠᠶᠢᠳᠠᠯ ᠡᠴᠡ ᠪᠠᠨ ᠰᠠᠯᠵᠦ᠂ ᠲᠠᠸᠠᠷ ᠤᠨ ᠤᠷᠤᠨ ᠰᠠᠭᠤᠴᠠ ᠶᠢᠨ ᠬᠤᠳᠠᠯᠳᠤᠭ᠎ᠠ ᠲᠤᠬᠲᠠᠪᠤᠷᠢᠲᠠᠢ ᠰᠠᠶᠢᠵᠢᠷᠠᠵᠦ᠂ ᠲᠦᠷᠦᠭᠦᠦ 8 ᠰᠠᠷ᠎ᠠ ᠶᠢᠨ ᠪᠤᠷᠤᠯᠠᠭᠤᠯᠤᠬᠰᠠᠨ ᠲᠠᠸᠠᠷ ᠤᠨ ᠤᠷᠤᠨ ᠰᠠᠭᠤᠴᠠ 987.2 ᠲᠦᠮᠡᠨ ᠺᠦᠸᠠᠳ᠋ ᠮᠧᠲ᠋ᠷ ᠲᠠᠯᠠᠪᠠᠢ ᠬᠦᠷᠴᠦ᠂ ᠪᠤᠷᠤᠯᠠᠭᠤᠯᠤᠬᠰᠠᠨ ᠦᠷᠲᠡᠭ 430.9 ᠳ᠋ᠦ᠋ᠩᠰᠢᠭᠤᠷ ᠲᠦᠭᠦᠷᠢᠭ᠌ ᠬᠦᠷᠦᠭᠡᠳ ᠲᠤᠰᠪᠤᠷᠢ ᠦᠩᠭᠡᠷᠡᠭᠰᠡᠨ ᠤᠨ ᠤ ᠮᠦᠨ ᠦᠶ᠎ᠡ ᠡᠴᠡ 14.0% ᠪᠤᠯᠤᠨ 7.4% ᠪᠡᠷ ᠨᠡᠮᠡᠭᠳᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119798818