蒙古文网站Logo
ᠰᠢᠨᠬᠤᠸᠠ ᠮᠤᠩᠭ᠋ᠤᠯ ᠨᠧᠲ

ᠲᠦᠷᠦᠭᠦᠦ 9 ᠰᠠᠷ᠎ᠠ ᠳᠤ ᠤᠯᠤᠰ ᠤᠨ ᠦᠮᠴᠢᠯᠡᠯᠲᠤ ᠠᠵᠦ ᠠᠬᠤᠶᠢᠯᠠᠯ ᠤᠨ ᠴᠡᠪᠡᠷ ᠤᠷᠤᠯᠭ᠎ᠠ 1.6% ᠪᠡᠷ ᠪᠠᠭᠤᠷᠠᠪᠠ

2016-10-27 11:55

    ᠰᠢᠨᠬᠤᠸᠠ ᠬᠤᠷᠢᠶ᠎ᠠ  ᠪᠡᠭᠡᠵᠢᠩ ᠤᠨ 10 ᠰᠠᠷ᠎ᠠ ᠶᠢᠨ 26 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠱᠧᠨ ᠴᠧᠩ᠂ ᠬᠠᠨ ᠵᠢᠶᠧ) ᠡᠳ᠋ ᠤᠨ ᠵᠠᠰᠠᠬ ᠤᠨ ᠶᠠᠮᠤᠨ ᠤ 26 ᠤ᠋ ᠡᠳᠦᠷ ᠤᠨ ᠨᠡᠶᠢᠲᠡᠯᠡᠭᠰᠡᠨ ᠲᠤᠭ᠎ᠠ ᠪᠦᠷᠢᠳᠬᠡᠯ ᠡᠴᠡ ᠲᠤᠳᠤᠷᠠᠭᠤᠯᠪᠠᠯ᠂ ᠡᠨᠡ ᠤᠨ ᠤ ᠲᠦᠷᠦᠭᠦᠦ 9 ᠰᠠᠷ᠎ᠠ ᠳᠤ ᠤᠯᠤᠰ ᠤᠨ ᠦᠮᠴᠢᠯᠡᠯᠲᠤ ᠠᠵᠦ ᠠᠬᠤᠶᠢᠯᠠᠯ ᠤᠨ ᠴᠡᠪᠡᠷ ᠤᠷᠤᠯᠭ᠎ᠠ 1720.68 ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ 1.6% ᠪᠡᠷ ᠪᠠᠭᠤᠷᠠᠵᠠᠢ᠃ ᠡᠭᠦᠨ ᠳᠤ ᠲᠦᠪ ᠤᠨ ᠠᠵᠦ ᠠᠬᠤᠶᠢᠯᠠᠯ ᠤᠨ ᠬᠢ ᠦᠩᠭᠡᠷᠡᠭᠰᠡᠨ ᠤᠨ ᠤ ᠮᠦᠨ ᠦᠶ᠎ᠡ ᠡᠴᠡ 5.4% ᠪᠡᠷ ᠪᠠᠭᠤᠷᠠᠵᠦ᠂ ᠤᠷᠤᠨ ᠨᠤᠲᠤᠬ ᠤᠨ ᠤᠯᠤᠰ ᠤᠨ ᠦᠮᠴᠢᠯᠡᠯᠲᠤ ᠠᠵᠦ ᠠᠬᠤᠶᠢᠯᠠᠯ ᠤᠨ ᠬᠢ 8.1% ᠪᠡᠷ ᠪᠠᠭᠤᠷᠠᠵᠠᠢ᠃

    ᠲᠦᠷᠦᠭᠦᠦ 9 ᠰᠠᠷ᠎ᠠ ᠳᠤ ᠤᠯᠤᠰ ᠤᠨ ᠦᠮᠴᠢᠯᠡᠯᠲᠤ ᠠᠵᠦ ᠠᠬᠤᠶᠢᠯᠠᠯ ᠤᠨ ᠶᠡᠷᠦᠩᠬᠡᠢ ᠤᠷᠤᠯᠭ᠎ᠠ 327015.8 ᠳ᠋ᠦ᠋ᠩᠰᠢᠭᠤᠷ ᠲᠦᠭᠦᠷᠢᠭ᠌᠋᠂ ᠦᠩᠭᠡᠷᠡᠭᠰᠡᠨ ᠤᠨ ᠤ ᠮᠦᠨ ᠦᠶ᠎ᠡ ᠡᠴᠡ 0.8% ᠪᠡᠷ ᠨᠡᠮᠡᠭᠳᠡᠪᠡ᠃ ᠡᠭᠦᠨ ᠳᠤ ᠲᠦᠪ ᠤᠨ ᠠᠵᠦ ᠠᠬᠤᠶᠢᠯᠠᠯ ᠤᠨ ᠬᠢ 197874.6 ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ 0.4% ᠪᠡᠷ ᠪᠠᠭᠤᠷᠠᠵᠦ᠂ ᠤᠷᠤᠨ ᠨᠤᠲᠤᠬ ᠤᠨ ᠠᠵᠦ ᠠᠬᠤᠶᠢᠯᠠᠯ ᠤᠨ ᠬᠢ 129141.2 ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ 2.7% ᠪᠡᠷ ᠨᠡᠮᠡᠭᠳᠡᠵᠡᠢ᠃ ᠦᠩᠭᠡᠷᠡᠭᠰᠡᠨ ᠤᠨ ᠲᠠᠢ ᠬᠠᠷᠢᠴᠠᠭᠤᠯᠪᠠᠯ᠂ ᠲᠦᠷᠦᠭᠦᠦ 9 ᠰᠠᠷ᠎ᠠ ᠳᠡᠬᠢ ᠴᠠᠬᠢᠮ ᠬᠤᠳᠠᠯᠳᠤᠭ᠎ᠠ᠂ ᠭᠡᠷ ᠬᠦᠷᠦᠩᠬᠡ ᠪᠤᠯᠤᠨ ᠮᠠᠰᠢᠨ ᠵᠡᠷᠭᠡ ᠰᠠᠯᠪᠤᠷᠢ ᠶᠢᠨ ᠴᠡᠪᠡᠷ ᠤᠷᠤᠯᠭ᠎ᠠ ᠶᠢᠨ ᠨᠡᠮᠡᠭᠳᠡᠴᠡ ᠲᠦᠷᠭᠡᠨ᠂ ᠴᠢᠯᠠᠭᠤᠨ ᠲᠤᠰᠤ᠂ ᠲᠠᠮᠠᠬᠢ ᠪᠤᠯᠤᠨ ᠬᠢᠮᠢ ᠶᠢᠨ ᠦᠢᠯᠡᠳᠪᠤᠷᠢ ᠵᠡᠷᠭᠡ ᠰᠠᠯᠪᠤᠷᠢ ᠶᠢᠨ ᠴᠡᠪᠡᠷ ᠤᠷᠤᠯᠭ᠎ᠠ ᠶᠢᠨ ᠪᠠᠭᠤᠷᠠᠯᠲᠠ ᠶᠡᠬᠡ ᠪᠠᠶᠢᠨ᠎ᠠ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119798824