蒙古文网站Logo
ᠰᠢᠨᠬᠤᠸᠠ ᠮᠤᠩᠭ᠋ᠤᠯ ᠨᠧᠲ

ᠮᠠ ᠭᠦᠧᠧ ᠴᠢᠶᠠᠩ ᠪᠤᠤ ᠡᠦ ᠪᠤᠯᠤᠳ ᠲᠡᠮᠦᠷ ᠤᠨ ᠪᠦᠯᠦᠭᠯᠡᠯᠲᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠢᠶᠠᠯ ᠳᠤ ᠲᠤᠮᠢᠯᠠᠬᠳᠠᠪᠠ

2016-11-01 10:28

    ᠰᠢᠨᠬᠤᠸᠠ ᠬᠤᠷᠢᠶ᠎ᠠ  ᠪᠡᠭᠡᠵᠢᠩ ᠤᠨ 10 ᠰᠠᠷ᠎ᠠ ᠶᠢᠨ 31 ᠤ᠋ ᠡᠳᠦᠷ ᠤᠨ ᠴᠠᠬᠢᠯᠭᠠᠨ ᠮᠡᠳᠡᠭᠡ( ᠰᠤᠷᠪᠤᠯᠵᠢᠯᠠᠬᠴᠢ ᠸᠠᠩ ᠰᠢ᠂ ᠯᠢ ᠷᠦᠩ) 31 ᠤ᠋ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠬᠦᠷᠦᠩᠭᠡ ᠵᠢ ᠬᠢᠨᠠᠨ ᠬᠠᠮᠢᠶᠠᠷᠬᠤ ᠵᠦᠪᠯᠡᠯ ᠤᠨ ᠬᠡᠪᠯᠡᠯ ᠮᠡᠳᠡᠭᠡᠯᠡᠯ ᠤᠨ ᠲᠦᠪ ᠤᠨ ᠠᠯᠪᠠᠨ ᠤ ᠪᠦᠷᠭᠡ ᠳᠤ ᠨᠡᠶᠢᠲᠡᠯᠡᠭᠰᠡᠨ ᠢᠶᠡᠷ᠂ ᠳᠤᠮᠳᠠᠳᠤ ᠤᠯᠤᠰ ᠤᠨ ᠪᠤᠤ ᠡᠦ ᠪᠤᠯᠤᠳ ᠲᠡᠮᠦᠷ ᠤᠨ ᠪᠦᠯᠦᠭᠯᠡᠯᠲᠤ ᠬᠢᠵᠠᠭᠠᠷᠲᠤ ᠺᠤᠮᠫᠠᠨᠢ ᠶᠢᠨ ᠭᠤᠤᠯ ᠪᠤᠯᠬᠤ ᠤᠳᠤᠷᠢᠳᠤᠯᠭ᠎ᠠ ᠳᠤ ᠲᠤᠬᠢᠷᠠᠭᠤᠯᠤᠯᠲᠠ ᠬᠢᠭ᠍ᠰᠡᠨ ᠰᠢᠢᠳᠪᠤᠷᠢ ᠵᠢ 31 ᠤ᠋ ᠡᠳᠦᠷ ᠵᠠᠷᠯᠠᠵᠦ᠂ ᠮᠠ ᠭᠦᠧᠧ ᠴᠢᠶᠠᠩ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠡᠭᠦᠷ ᠤᠨ ᠱᠦᠵᠢ ᠪᠡᠷ ᠲᠤᠮᠢᠯᠠᠬᠳᠠᠨ᠂ ᠴᠧᠨ ᠳ᠋ᠧ ᠷᠦᠩ ᠶᠡᠷᠦᠩᠬᠡᠢ ᠵᠠᠬᠢᠷᠤᠯ ᠤᠨ ᠲᠤᠰᠢᠶᠠᠯ ᠳᠤ ᠲᠤᠮᠢᠯᠠᠬᠳᠠᠪᠠ᠃

    ᠪᠤᠤ ᠭᠠᠩ ᠪᠦᠯᠦᠭᠯᠡᠯᠲᠤ ᠬᠢᠵᠠᠭᠠᠷᠲᠤ ᠺᠤᠮᠫᠠᠨᠢ ᠪᠤᠯᠤᠨ ᠡᠦ ᠬᠠᠨ ᠤ ᠪᠤᠯᠤᠳ ᠲᠡᠮᠦᠷ ᠤᠨ ᠺᠤᠮᠫᠠᠨᠢ ᠨᠡᠶᠢᠯᠡᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠲᠠᠢ ᠪᠡᠷ ᠪᠤᠤ ᠡᠦ ᠪᠤᠯᠤᠳ ᠲᠡᠮᠦᠷ ᠤᠨ ᠪᠦᠯᠦᠭᠯᠡᠯᠲᠤ ᠬᠢᠵᠠᠭᠠᠷᠲᠤ ᠺᠤᠮᠫᠠᠨᠢ ᠪᠤᠯᠥᠨ ᠪᠠᠶᠢᠭᠤᠯᠤᠬᠳᠠᠵᠠᠢ᠃ ᠲᠡᠶᠢᠨᠬᠦ ᠤᠤᠯ ᠤᠨ ᠪᠤᠤ ᠭᠠᠩ ᠪᠦᠯᠦᠭᠯᠡᠯᠲᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠡᠭᠦᠷ ᠤᠨ ᠱᠦᠵᠢ ᠰᠢᠦᠢ ᠯᠧ ᠵᠢᠶᠠᠩ ᠤᠨ ᠲᠤᠰᠢᠶᠠᠯ ᠴᠤ ᠳᠠᠭᠠᠯᠳᠤᠨ ᠬᠦᠴᠦᠨ ᠦᠭᠡᠢ ᠪᠤᠯᠪᠠ᠃ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠵᠠᠬᠢᠷᠤᠯ ᠤᠨ ᠲᠤᠰᠢᠶᠠᠯ ᠳᠤ ᠲᠤᠮᠢᠯᠠᠬᠤ ᠪᠠ ᠪᠠᠭᠤᠯᠭᠠᠬᠤ ᠵᠢ ᠬᠤᠯᠪᠤᠬᠳᠠᠬᠤ ᠬᠠᠤᠯᠢ ᠴᠠᠭᠠᠵᠠ ᠪᠠ ᠳᠦᠷᠢᠮ ᠤᠨ ᠶᠤᠰᠤᠭᠠᠷ ᠭᠦᠢᠴᠡᠳᠬᠡᠳᠡᠭ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119826545