蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ ᠭᠠᠬᠴᠠ ᠮᠤᠳᠤ ᠪᠤᠭᠤᠮᠲᠠ ᠪᠡᠷ ᠤᠷᠤᠭᠤᠯᠤᠬᠰᠠᠨ ᠨᠡᠭᠦᠷᠡᠰᠦᠨ ᠤ ᠬᠡᠮᠵᠢᠶ᠎ᠡ 900 ᠲᠦᠮᠡᠨ ᠲᠤᠨ ᠢ ᠳᠠᠪᠠᠪᠠ

2016-11-02 10:24

    ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠡ ᠵᠢ ᠦᠨᠳᠦᠰᠦᠯᠡᠪᠡᠯ᠂ 10 ᠰᠠᠷ᠎ᠠ ᠶᠢᠨ ᠰᠡᠭᠦᠯ ᠪᠤᠯᠲᠠᠯ᠎ᠠ᠂ ᠡᠨᠡ ᠤᠨ ᠤ ᠭᠠᠭᠴᠠ ᠮᠤᠳᠤ ᠪᠤᠭᠤᠮᠲᠠ ᠪᠡᠷ ᠨᠡᠭᠦᠷᠡᠰᠦ ᠤᠷᠤᠭᠤᠯᠤᠬᠰᠠᠨ ᠬᠡᠮᠵᠢᠶ᠎ᠡ 903.79 ᠲᠦᠮᠡᠨ ᠲᠤᠨ ᠬᠦᠷᠴᠦ᠂ ᠦᠩᠭᠡᠷᠡᠭᠰᠡᠨ ᠤᠨ ᠤ ᠮᠦᠨ ᠦᠶ᠎ᠡ ᠡᠴᠡ 83% ᠪᠡᠷ ᠨᠡᠮᠡᠭᠳᠡᠵᠡᠢ᠃

    ᠤᠯᠤᠰ ᠤᠨ ᠦᠢᠯᠡᠳᠪᠤᠷᠢᠯᠡᠯ ᠤᠨ ᠴᠢᠳᠠᠪᠬᠢ ᠵᠢ ᠪᠠᠭᠤᠷᠠᠭᠤᠯᠬᠤ ᠠᠷᠭ᠎ᠠ ᠪᠤᠳᠤᠯᠭ᠎ᠠ ᠶᠢᠨ ᠨᠦᠯᠦᠭᠡᠯᠡᠯ ᠢᠶᠡᠷ᠂ ᠮᠠᠨ ᠤ ᠤᠯᠤᠰ ᠤᠨ ᠤᠯᠠᠨ ᠮᠤᠵᠢ ᠤᠷᠤᠨ ᠨᠡᠭᠦᠷᠡᠰᠦᠨ ᠤ ᠤᠯᠪᠤᠷᠢᠯᠠᠯᠲᠠ ᠵᠢ ᠬᠢᠵᠠᠭᠠᠷᠯᠠᠬᠰᠠᠨ ᠡᠴᠡ᠂ ᠤᠯᠤᠰ ᠤᠨ ᠲᠤᠳᠤᠷᠠᠬᠢ ᠺᠤᠺᠰᠵᠢᠳᠠᠬ ᠨᠡᠭᠦᠷᠡᠰᠦᠨ ᠤ ᠬᠠᠨᠭᠭᠠᠯᠭ᠎ᠠ ᠬᠡᠷᠡᠭᠴᠡᠭᠡᠨ ᠳᠡᠭᠡᠨ ᠬᠦᠷᠬᠦ ᠦᠭᠡᠢ ᠪᠤᠯᠵᠦ᠂ ᠨᠠᠭᠦᠷᠡᠰᠦᠨ ᠤ ᠦᠨ᠎ᠡ ᠦᠰᠬᠦ ᠬᠠᠨᠳᠤᠯᠭ᠎ᠠ ᠢᠯᠡᠷᠡᠵᠡᠢ᠃ ᠲᠡᠶᠢᠨᠬᠦ ᠨᠡᠭᠦᠷᠡᠰᠦ ᠤᠷᠤᠭᠤᠯᠬᠤ ᠠᠵᠦ ᠠᠬᠤᠶᠢᠯᠠᠯ ᠤᠳ ᠭᠠᠬᠴᠠ ᠮᠤᠳᠤ ᠳᠤ ᠴᠤᠬᠯᠠᠷᠠᠵᠦ ᠨᠡᠭᠦᠷᠡᠰᠣᠨ ᠤ ᠠᠷᠠᠯᠵᠢᠶ᠎ᠠ ᠬᠢᠬᠦ ᠪᠡᠷ ᠪᠡᠯᠡᠳᠬᠡᠵᠦ ᠪᠤᠢ᠃ ᠤᠷᠢᠳᠴᠢᠯᠠᠨ ᠲᠤᠭᠠᠴᠠᠭᠠᠯᠠᠬᠰᠠᠨ ᠢᠶᠡᠷ ᠡᠨᠡ ᠤᠨ ᠤ ᠰᠡᠭᠦᠯ ᠳᠤ ᠭᠠᠬᠴᠠ ᠮᠤᠳᠤ ᠪᠤᠭᠤᠮᠳᠠ ᠪᠡᠷ ᠨᠡᠭᠦᠷᠡᠰᠦ ᠤᠷᠤᠭᠤᠯᠬᠤ ᠬᠡᠮᠵᠢᠶ᠎ᠡ ᠮᠢᠨᠭᠭᠠᠨ ᠲᠦᠮᠡᠨ ᠲᠤᠨ ᠢ ᠳᠠᠪᠠᠬᠤ ᠪᠤᠯᠤᠨ᠎ᠠ᠃

ᠢᠷᠡᠯᠳᠡ᠄ ᠦᠪᠦᠷ ᠮᠤᠨᠭᠭᠤᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119834518