蒙古文网站Logo
ᠰᠢᠨᠬᠤᠸᠠ ᠮᠤᠩᠭ᠋ᠤᠯ ᠨᠧᠲ

2020 ᠤᠨ ᠳᠤ ᠦᠪᠦᠷ ᠮᠤᠨᠭᠭᠤᠯ ᠤᠨ ᠲᠦᠷᠭᠡᠨ ᠭᠤᠪᠢᠭᠤᠯᠭ᠎ᠠ ᠶᠢᠨ ᠦᠢᠯᠡᠰ ᠤᠨ ᠤᠷᠤᠯᠭ᠎ᠠ 36 ᠳ᠋ᠦ᠋ᠩᠰᠢᠭᠤᠷ ᠲᠦᠭᠦᠷᠢᠭ᠌ ᠢ ᠳᠠᠪᠠᠨ᠎ᠠ

2016-11-13 13:45

    ᠠᠯᠪᠠᠨ ᠤ ᠨᠡᠶᠢᠲᠡᠯᠡᠭᠰᠡᠨ ᠳ᠋ᠠᠶᠢᠲ᠋ᠠ ᠡᠴᠡ ᠳᠤᠲᠤᠷᠠᠭᠤᠯᠪᠠᠯ᠂ ᠡᠨᠡ ᠤᠨ ᠤ ᠲᠦᠷᠦᠭᠦᠦ ᠭᠤᠷᠪᠠᠨ ᠤᠯᠠᠷᠢᠯ ᠳᠤ ᠦᠪᠦᠷ ᠮᠤᠨᠭᠭᠤᠯ ᠤᠨ ᠲᠦᠷᠭᠡᠨ ᠭᠤᠪᠢᠭᠤᠯᠭ᠎ᠠ ᠶᠢᠨ ᠦᠢᠯᠡᠰ ᠤᠨ ᠤᠷᠤᠯᠭ᠎ᠠ᠂ ᠵᠠᠬᠢᠶᠠᠯᠠᠭ᠎ᠠ ᠶᠢᠨ ᠬᠡᠮᠵᠢᠶᠡᠨ ᠤ ᠨᠡᠮᠡᠭᠳᠡᠯ 37% ᠡᠴᠡ ᠦᠨᠳᠦᠷ ᠪᠠᠶᠢᠵᠦ᠂ ᠦᠪᠦᠷ ᠮᠤᠨᠭᠭᠤᠯ ᠤᠨ ᠦᠢᠯᠡᠴᠢᠯᠡᠭᠡᠨ ᠤ ᠦᠢᠯᠡᠰ ᠤᠨ ᠬᠦᠭ᠍ᠵᠢᠯᠲᠡ ᠵᠢ ᠠᠬᠢᠭᠤᠯᠬᠤ ᠲᠤᠯᠤᠭᠠᠶᠢᠯᠠᠬᠴᠢ ᠪᠤᠯᠵᠦ ᠪᠤᠢ᠃ ᠦᠢᠯᠡᠴᠢᠯᠡᠭᠡᠨ ᠤ ᠦᠢᠯᠡᠰ ᠤᠨ ᠦᠳᠲᠦᠷ ᠬᠦᠭ᠍ᠵᠢᠯᠲᠡ᠂ ᠴᠠᠬᠢᠮ ᠬᠤᠳᠠᠯᠳᠤᠭᠠᠨ ᠤ ᠬᠠᠯᠠᠮᠰᠢᠯ ᠵᠡᠷᠭᠡ ᠨᠢ ᠲᠦᠷᠭᠡᠨ ᠭᠤᠪᠢᠭᠤᠯᠭ᠎ᠠ ᠶᠢᠨ ᠺᠤᠮᠫᠠᠨᠢ ᠵᠢ ᠤᠯᠠᠨ ᠪᠤᠯᠭᠠᠪᠠ᠃ ᠵᠦᠪᠬᠡᠨ ᠦᠩᠭᠡᠷᠡᠭᠰᠡᠨ ᠬᠠᠭᠠᠰ ᠵᠢᠯ ᠳᠤ ᠦᠪᠦᠷ ᠮᠤᠨᠭᠭᠤᠯ ᠤᠨ ᠲᠦᠷᠭᠡᠨ ᠭᠤᠪᠢᠭᠤᠯᠭ᠎ᠠ ᠶᠢᠨ ᠦᠢᠯᠡᠴᠢᠯᠡᠭᠡᠨ ᠤ ᠠᠵᠦ ᠠᠬᠤᠶᠢᠯᠠᠯ ᠤᠨ ᠰᠢᠢᠳᠪᠤᠷᠢᠯᠡᠭᠰᠡᠨ ᠵᠠᠬᠢᠶᠠᠯᠠᠭ᠎ᠠ ᠨᠡᠶᠢᠲᠡ 3472.44 ᠲᠦᠮᠡ ᠳᠤ ᠬᠦᠷᠴᠦ᠂ ᠲᠦᠷᠭᠡᠨ ᠭᠤᠪᠢᠭᠤᠯᠭ᠎ᠠ ᠶᠢᠨ ᠦᠢᠯᠡᠰ ᠤᠨ ᠤᠷᠤᠯᠭ᠎ᠠ7.75 ᠳ᠋ᠦ᠋ᠩᠰᠢᠭᠤᠷ ᠲᠦᠭᠦᠷᠢᠭ᠌ ᠲᠤ ᠬᠦᠷᠴᠡᠢ᠃ ᠲᠡᠶᠢᠨᠬᠦ ᠲᠦᠷᠭᠡᠨ ᠭᠤᠪᠢᠭᠤᠯᠭ᠎᠎ᠠ ᠶᠢᠨ ᠦᠢᠯᠡᠴᠢᠯᠡᠭᠡ ᠨᠢ ᠦᠪᠦᠷ ᠮᠤᠨᠭᠭᠤᠯ ᠤᠨ ᠴᠠᠬᠢᠮ ᠬᠤᠳᠠᠯᠳᠤᠭᠠᠨ ᠤ ᠬᠦᠭ᠍ᠵᠢᠯᠲᠡ ᠵᠢ ᠠᠬᠢᠭᠤᠯᠤᠬᠰᠠᠨ ᠢᠶᠡᠷ ᠪᠠᠷᠠᠬᠤ ᠦᠭᠡᠢ᠂ ᠢᠷᠡᠭᠡᠳᠦᠢ ᠳ᠋ᠡᠬᠢ ᠬᠤᠳᠠᠯᠳᠤᠭᠠᠨ ᠤ ᠦᠢᠯᠡᠰ ᠤᠨ ᠵᠠᠬᠪᠤᠷ ᠲᠤ ᠮᠦᠨ ᠴᠢᠬᠤᠯᠠ ᠨᠦᠯᠦᠭᠡ ᠦᠵᠡᠭᠦᠯᠦᠨ᠎ᠡ᠃

    ᠵᠠᠷᠢᠮ ᠮᠡᠷᠭᠡᠵᠢᠯᠲᠡᠳ ᠤᠨ ᠲᠠᠭᠠᠮᠠᠬᠯᠠᠬᠤ ᠪᠡᠷ 2020 ᠤᠨ ᠪᠤᠯᠲᠠᠯ᠎ᠠ ᠦᠪᠦᠷ ᠮᠤᠨᠭᠭᠤᠯ ᠤᠨ ᠲᠦᠷᠭᠡᠨ ᠭᠤᠪᠢᠭᠤᠯᠭ᠎ᠠ ᠶᠢᠨ ᠦᠢᠯᠡᠰ ᠤᠨ ᠤᠷᠤᠯᠭ᠎ᠠ 36 ᠳ᠋ᠦ᠋ᠩᠰᠢᠭᠤᠷ ᠲᠦᠭᠦᠷᠢᠭ᠌ ᠲᠤ ᠬᠦᠷᠴᠦ᠂ ᠵᠢᠯ ᠳᠤᠮᠳᠠᠴᠢ ᠶᠢᠨ ᠦᠰᠦᠯᠲᠡ24%  ᠳ᠋ᠤ ᠬᠦᠷᠦᠨ᠎ᠡ᠃ ᠲᠦᠷᠭᠡᠨ ᠭᠤᠪᠢᠭᠤᠯᠭ᠎ᠠ ᠶᠢᠨ ᠵᠠᠬᠢᠶᠠᠯᠠᠭ᠎ᠠ ᠶᠢᠨ ᠬᠡᠮᠵᠢᠶ᠎ᠡ 2 ᠳ᠋ᠦ᠋ᠩᠰᠢᠭᠤᠷ ᠲᠤ ᠬᠦᠷᠴᠦ᠂ ᠵᠢᠯ ᠳᠤᠮᠳᠠᠴᠢ ᠶᠢᠨ ᠦᠰᠦᠯᠲᠡ 28% ᠡᠴᠡ ᠢᠯᠡᠭᠦᠦ ᠪᠤᠯᠤᠨ᠎ᠠ᠃ ᠴᠠᠬᠢᠮ ᠬᠤᠳᠠᠯᠳᠤᠭ᠎ᠠ ᠵᠡᠷᠭᠡ ᠢᠨᠲ᠋ᠧᠷᠨᠧᠲ ᠢᠶᠡᠷ ᠪᠠᠷᠠᠭ᠎ᠠ ᠬᠤᠳᠠᠯᠳᠤᠭᠠᠯᠠᠵᠦ ᠰᠤᠯᠢᠯᠴᠠᠬᠤ ᠦᠷᠲᠡᠭ 400 ᠳ᠋ᠦ᠋ᠩᠰᠢᠭᠤᠷ ᠲᠦᠭᠦᠷᠢᠭ᠌ ᠲᠤ ᠬᠦᠷᠬᠦ ᠪᠠ ᠤᠨ ᠤ ᠤᠷᠤᠯᠭ᠎ᠠ 5 ᠳ᠋ᠦ᠋ᠩᠰᠢᠭᠤᠷ ᠲᠦᠭᠦᠷᠢᠭ᠌ ᠢ ᠳᠠᠪᠠᠬᠤ ᠠᠵᠦ ᠠᠬᠤᠶᠢᠯᠠᠯ 2 ᠪᠤᠢ ᠪᠤᠯᠵᠦ᠂ ᠤᠨ ᠤ ᠤᠷᠤᠯᠭ᠎ᠠ ᠳ᠋ᠦ᠋ᠩᠰᠢᠭᠤᠷ ᠲᠦᠭᠦᠷᠢᠭ᠌ ᠢ ᠳᠠᠪᠠᠬᠤ ᠠᠵᠦ ᠠᠬᠤᠶᠢᠯᠠᠯ 5 ᠪᠤᠢ ᠪᠤᠯᠤᠨ᠎ᠠ᠃ ᠪᠠᠰᠠ 2 ᠲᠦᠮᠡᠨ ᠠᠵᠢᠯ ᠤᠨ ᠪᠠᠶᠢᠷᠢ ᠰᠢᠨ᠎ᠡ ᠪᠡᠷ ᠨᠡᠮᠡᠭᠳᠡᠨ᠎ᠡ᠃

ᠢᠷᠡᠯᠳᠡ᠄ ᠤᠮᠠᠷᠠᠲᠤ ᠶᠢᠨ ᠭᠠᠷᠠᠬ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119901596