蒙古文网站Logo
ᠰᠢᠨᠬᠤᠸᠠ ᠮᠤᠩᠭ᠋ᠤᠯ ᠨᠧᠲ

ᠲᠦᠷᠦᠭᠦᠦ 10 ᠰᠠᠷ᠎ᠠ ᠳᠤ ᠭᠠᠳᠠᠭᠠᠳᠤ ᠶᠢᠨ ᠬᠦᠷᠦᠩᠭᠡ ᠵᠢ ᠵᠠᠷᠤᠴᠠᠭᠤᠯᠤᠬᠰᠠᠨ ᠬᠡᠮᠵᠢᠶ᠎ᠡ 4.2% ᠢ᠋ᠶᠡᠷ ᠨᠡᠮᠡᠭᠳᠡᠪᠡ

2016-11-17 16:22

    ᠰᠢᠨᠬᠤᠸᠠ ᠬᠤᠷᠶᠢ᠎ᠠ  ᠪᠡᠭᠡᠵᠢᠩ ᠤᠨ 11 ᠰᠠᠷ᠎ ᠠ ᠶᠢᠨ 17 ᠤ᠋ ᠡᠳᠦᠷ ᠤᠨ ᠴᠠᠬᠢᠯᠭᠠᠨ ᠮᠡᠳᠡᠭᠡ( ᠰᠤᠷᠪᠤᠯᠵᠢᠯᠠᠬᠴᠢ ᠢᠦᠢ ᠵᠢᠶᠠ ᠰᠢᠨ ) ᠰᠤᠷᠪᠤᠯᠵᠢᠯᠠᠬᠴᠢ 17 ᠤ᠋ ᠡᠳᠦᠷ ᠬᠤᠳᠠᠯᠳᠤᠭᠠᠨ ᠤ ᠶᠠᠪᠤᠳᠠᠯ ᠤᠨ ᠶᠠᠮᠤᠨ ᠡᠴᠡ ᠤᠶᠢᠯᠠᠭᠠᠬᠰᠠᠨ ᠢᠶᠡᠷ᠂ 2016 ᠤᠨ ᠤ 1-10 ᠰᠠᠷ᠎ ᠠ ᠪᠤᠯᠲᠠᠯ᠎ᠠ᠂ ᠪᠠᠩᠬᠢ᠂ ᠦᠨᠡᠳᠤ ᠳᠡᠮᠳᠡᠭᠳᠤ᠂ ᠳᠠᠭᠠᠳᠬᠠᠯ ᠵᠡᠷᠭᠡ ᠵᠢ ᠬᠠᠮᠤᠷᠤᠬᠰᠠᠨ ᠦᠭᠡᠢ ᠪᠠᠶᠢᠳᠠᠯ ᠳᠤ ᠮᠠᠨ ᠤ ᠤᠯᠤᠰ ᠭᠠᠳᠠᠭᠠᠳᠤ ᠶᠢᠨ ᠬᠦᠷᠦᠩᠭᠡ ᠵᠢ ᠵᠠᠷᠤᠴᠠᠭᠤᠯᠤᠬᠰᠠᠨ ᠬᠡᠮᠵᠢᠶ᠎ᠡ 6663 ᠳ᠋ᠦ᠋ᠩᠰᠢᠭᠤᠷ ᠲᠦᠭᠦᠷᠢᠭ᠌ ᠬᠦᠷᠴᠦ᠂ ᠦᠩᠭᠡᠷᠡᠭᠰᠡᠨ ᠤᠨ ᠤ ᠮᠦᠨ ᠦᠶ᠎ᠠ ᠡᠴᠡ 4.2% ᠢ᠋ᠶᠡᠷ ᠨᠡᠮᠡᠭᠳᠡᠭᠰᠡᠨ ᠪᠠᠶᠢᠨ᠎ᠠ᠃

    ᠲᠦᠷᠦᠭᠦᠦ 10 ᠰᠠᠷ᠎ᠠ ᠳᠤ ᠮᠠᠨ ᠤ ᠤᠯᠤᠰ ᠤᠨ ᠭᠠᠳᠠᠭᠠᠳᠤ ᠶᠢᠨ ᠬᠦᠷᠦᠩᠬᠡ ᠠᠵᠦ ᠦᠢᠯᠡᠰ ᠤᠨ ᠬᠡᠯᠬᠢᠶ᠎ᠡ ᠶᠢᠨ ᠲᠡᠷᠢᠭᠦᠨ ᠳᠡᠰ ᠵᠦᠭ᠌ ᠰᠢᠯᠵᠢᠬᠦ ᠠᠬᠢᠴᠠ ᠪᠠᠨ ᠲᠦᠷᠭᠡᠳᠬᠡᠭ᠍ᠰᠡᠨ ᠢᠶᠡᠷ᠂ ᠦᠢᠯᠡᠴᠢᠯᠡᠭᠡᠨ ᠤ ᠦᠢᠯᠡᠰ ᠤᠨ ᠭᠠᠳᠠᠭᠠᠳᠤ ᠬᠦᠷᠦᠩᠭᠡ ᠵᠢ ᠵᠠᠷᠤᠴᠠᠭᠤᠯᠤᠬᠰᠠᠨ ᠬᠡᠮᠵᠢᠶ᠎ᠡ 4712.5 ᠳ᠋ᠦ᠋ᠩᠰᠢᠭᠤᠷ ᠲᠦᠭᠦᠷᠢᠭ᠌ ᠲᠤ ᠬᠦᠷᠴᠦ᠂ ᠦᠩᠭᠡᠷᠡᠭᠰᠡᠨ ᠤᠨ ᠤ ᠮᠦᠨ ᠦᠶ᠎ᠡ ᠡᠴᠡ 9.1% ᠪᠡᠷ ᠨᠡᠮᠡᠭᠳᠡᠵᠡᠢ ᠭᠡᠵᠦ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠬᠦᠷᠦᠩᠬᠡ ᠶᠢᠨ ᠵᠠᠬᠢᠷᠭᠠᠨ ᠤ ᠳᠠᠷᠤᠭ᠎ᠠ ᠲᠠᠩ ᠸᠸᠨ ᠬᠤᠩ ᠲᠠᠨᠢᠯᠴᠠᠭᠤᠯᠤᠬᠰᠠᠨ ᠪᠠᠶᠢᠯ᠎ᠠ᠃ ᠋

    ᠬᠤᠳᠠᠯᠳᠤᠭᠠᠨ ᠤ ᠶᠠᠪᠤᠳᠠᠯ ᠤᠨ ᠶᠠᠮᠤᠨ ᠤ ᠳ᠋ᠠᠶᠢᠲ᠋ᠠ ᠡᠴᠡ ᠲᠤᠳᠤᠷᠠᠭᠤᠯᠪᠠᠯ᠂ ᠲᠦᠷᠦᠭᠦᠦ 10 ᠰᠠᠷ᠎ᠠ ᠳᠤ ᠠᠮᠸᠷᠢᠺᠠ᠂ ᠡᠸᠦ᠋ᠷᠤᠫᠡ ᠶᠢᠨ ᠬᠦᠷᠦᠩᠭᠡ ᠤᠷᠤᠭᠤᠯᠤᠯᠲᠠ ᠲᠦᠷᠭᠡᠨ ᠨᠡᠮᠡᠭᠳᠡᠵᠦ᠂ ᠠᠮᠸᠷᠢᠺᠠ ᠪᠤᠯᠤᠨ ᠡᠸᠦ᠋ᠷᠤᠫᠡ ᠶᠢᠨ ᠬᠤᠯᠪᠤᠭᠠᠨ ᠤ 28 ᠤᠯᠤᠰ ᠤᠨ ᠬᠦᠷᠦᠩᠭᠡ ᠤᠷᠤᠭᠤᠯᠤᠯᠲᠠ ᠦᠩᠭᠡᠷᠡᠭᠰᠨᠨ ᠤᠨ ᠤ ᠮᠦᠨ ᠦᠶ᠎ᠡ ᠡᠴᠡ ᠲᠤᠰ ᠪᠤᠢᠷᠢ 79.8% ᠪᠠ 41.5% ᠪᠡᠷ ᠨᠡᠮᠡᠭᠳᠡᠵᠡᠢ᠃

ᠢᠷᠡᠯᠳᠡ᠄ ᠰᠢᠨᠬᠤᠸᠠ ᠬᠤᠷᠶᠢ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119934630