蒙古文网站Logo
ᠰᠢᠨᠬᠤᠸᠠ ᠮᠤᠩᠭ᠋ᠤᠯ ᠨᠧᠲ

ᠦᠩᠬᠡᠷᠡᠭᠰᠡᠨ 10 ᠰᠠᠷ᠎ᠠ ᠳᠤ ᠦᠪᠦᠷ ᠮᠤᠩᠭᠤᠯ ᠤᠨ ᠬᠡᠷᠡᠭᠯᠡᠬᠡᠨ ᠤ ᠵᠠᠬ᠎ᠠ ᠵᠡᠬᠡᠯᠢ ᠳᠤᠭᠳᠠᠭᠤᠨ ᠬᠦᠭᠵᠢᠵᠡᠢ

2016-11-29 14:50

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠤᠭ᠎ᠠ ᠪᠦᠷᠢᠳᠬᠡᠯ ᠤᠨ ᠳᠤᠪᠴᠢᠶᠠᠨ ᠤ ᠦᠵᠡᠬᠦᠯᠦᠯᠳᠡ ᠪᠡᠷ᠂ ᠦᠩᠬᠡᠷᠡᠭᠰᠡᠨ 10 ᠰᠠᠷ᠎ᠠ ᠳᠤ ᠤᠷᠤᠨ ᠲᠠᠶᠠᠭᠠᠷ ᠤᠨ ᠬᠦᠷᠢᠶ᠎ᠡ ᠴᠠᠷᠠᠭ᠎ᠠ ᠲᠠᠢ ᠠᠵᠤ ᠦᠢᠯᠡᠳᠪᠦᠷᠢ ᠶᠢᠨ ᠨᠡᠮᠡᠯᠳᠡ ᠦᠷᠳᠡᠭ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 7.2% ᠢᠶᠡᠷ ᠨᠡᠮᠡᠭᠳᠡᠵᠤ᠂ ᠤᠯᠤᠰ ᠲᠠᠶᠠᠭᠠᠷ ᠤᠨ ᠳᠤᠮᠳᠠᠴᠢ ᠨᠡᠮᠡᠭᠳᠡᠯ ᠬᠤᠷᠳᠤᠴᠠ ᠡᠴᠡ 1.2% ᠦᠨᠳᠦᠷ ᠪᠠᠶᠢᠨ᠎ᠠ᠃ ᠦᠩᠬᠡᠷᠡᠭᠰᠡᠨ 10 ᠰᠠᠷ᠎ᠠ ᠳᠤ ᠤᠷᠤᠨ ᠲᠠᠶᠠᠭᠠᠷ ᠤᠨ 500 ᠳᠦᠮᠡᠨ ᠳᠦᠬᠦᠷᠢᠭ ᠡᠴᠡ ᠳᠡᠬᠡᠭᠰᠢ ᠳᠦᠰᠦᠯ ᠤᠨ ᠳᠤᠭᠳᠠᠮᠠᠯ ᠬᠦᠷᠦᠩᠬᠡ ᠤᠨ ᠬᠦᠷᠦᠩᠬᠡ ᠤᠷᠤᠭᠤᠯᠤᠯᠳᠠ 14186.15 ᠳ᠋ᠦᠩᠰᠢᠭᠤᠷ ᠳᠦᠬᠦᠷᠢᠭ ᠬᠦᠷᠴᠤ᠂ ᠨᠢᠳᠤᠨᠤᠨ ᠤ ᠪᠦᠳᠦᠨ ᠵᠢᠯ ᠤᠨ ᠬᠦᠷᠦᠩᠬᠡ ᠤᠷᠤᠭᠤᠯᠤᠯᠳᠠ ᠡᠴᠡ ᠳᠠᠪᠠᠵᠤ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 11.7% ᠪᠡᠷ ᠨᠡᠮᠡᠭᠳᠡᠭᠰᠡᠨ ᠪᠠᠶᠢᠨ᠎ᠠ᠃ ᠤᠷᠤᠨ ᠲᠠᠶᠠᠭᠠᠷ ᠤᠨ ᠤᠷᠤᠨ ᠰᠠᠭᠤᠴᠠ ᠶᠢᠨ ᠪᠠᠷᠢᠯᠭ᠎ᠠ ᠳᠤ ᠤᠷᠤᠭᠤᠯᠤᠭᠰᠠᠨ ᠬᠦᠷᠦᠩᠬᠡ 1026.34 ᠳ᠋ᠦᠩᠰᠢᠭᠤᠷ ᠳᠦᠬᠦᠷᠢᠭ ᠬᠦᠷᠴᠤ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 3.0% ᠢᠶᠡᠷ ᠨᠡᠮᠡᠭᠳᠡᠪᠡ᠃ ᠨᠡᠶᠢᠬᠡᠮ ᠤᠨ ᠬᠡᠷᠡᠭᠯᠡᠬᠡᠨ ᠤ ᠪᠦᠳᠦᠬᠡᠭᠳᠡᠬᠦᠨ ᠤ ᠰᠤᠯᠠ ᠪᠤᠷᠤᠯᠠᠭᠤᠯᠤᠯᠭ᠎ᠠ 5377.6 ᠳ᠋ᠦᠩᠰᠢᠭᠤᠷ ᠳᠦᠬᠦᠷᠢᠭ ᠬᠦᠷᠴᠤ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 9.6% ᠪᠡᠷ ᠨᠡᠮᠡᠭᠳᠡᠪᠡ᠃

    ᠡᠬᠦᠨ ᠡᠴᠡ ᠭᠠᠳᠠᠨ᠎ᠠ᠂ ᠦᠩᠬᠡᠷᠡᠭᠰᠡᠨ 10 ᠰᠠᠷ᠎ᠠ ᠳᠤ ᠤᠷᠤᠨ ᠲᠠᠶᠠᠭᠠᠷ ᠤᠨ ᠡᠺᠰᠫᠤᠷᠲ᠋ᠯᠠᠵᠤ᠂ ᠢᠮᠫᠤᠷᠲ᠋ᠯᠠᠭᠰᠠᠨ ᠶᠡᠷᠦᠩᠬᠡᠢ ᠦᠷᠳᠡᠭ 621.75 ᠳ᠋ᠦᠩᠰᠢᠭᠤᠷ ᠳᠦᠬᠦᠷᠢᠭ ᠬᠦᠷᠴᠤ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 6.3% ᠪᠡᠷ ᠪᠠᠭᠤᠷᠠᠭᠰᠠᠨ ᠪᠠᠶᠢᠨ᠎ᠠ᠃ ᠤᠷᠤᠨ ᠲᠠᠶᠠᠭᠠᠷ ᠤᠨ ᠰᠠᠭᠤᠭᠠᠯᠢ ᠢᠷᠬᠡᠳ ᠤᠨ ᠬᠡᠷᠡᠭᠯᠡᠬᠡᠨ ᠤ ᠦᠨ᠎ᠡ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 1.1% ᠪᠡᠷ ᠦᠰᠴᠤ ᠡᠨᠡ ᠨᠢ ᠤᠯᠤᠰ ᠲᠠᠶᠠᠭᠠᠷ ᠤᠨ ᠳᠤᠮᠳᠠᠴᠠᠢ ᠳᠦᠪᠰᠢᠨ ᠡᠴᠡ 0.9% ᠪᠡᠷ ᠳᠤᠤᠷ᠎ᠠ ᠪᠠᠶᠢᠨ᠎ᠠ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701120013375