蒙古文网站Logo
ᠰᠢᠨᠬᠤᠸᠠ ᠮᠤᠩᠭ᠋ᠤᠯ ᠨᠧᠲ

ᠲᠠᠨ ᠤ ᠪᠠᠩᠬᠢ ᠶᠢᠨ ᠳᠠᠩᠰᠠ ᠳᠤᠩ ᠤᠳᠠᠬᠤ ᠦᠬᠡᠢ ᠳᠤᠮᠤᠬᠠᠨ ᠬᠤᠪᠢᠷᠠᠯᠳᠠ ᠲᠡᠢ ᠪᠤᠯᠤᠨ᠎ᠠ

2016-11-29 19:03

    12 ᠰᠠᠷ᠎ᠠ ᠶᠢᠨ 1 ᠤ ᠡᠳᠦᠷ ᠪᠤᠶᠤ ᠨᠦᠬᠦᠭᠡᠲᠦᠷ ᠡᠴᠡ ᠡᠬᠢᠯᠡᠨ᠂ ᠪᠠᠩᠬᠢ ᠨᠤᠭᠤᠳ ᠰᠢᠨ᠎ᠠ ᠲᠤᠭᠲᠠᠭᠠᠯ ᠢᠶᠡᠨ ᠡᠬᠢᠯᠡᠵᠤ ᠬᠡᠷᠡᠭᠵᠢᠬᠦᠯᠬᠦ ᠪᠤᠯᠬᠤᠷ ᠲᠠ ᠪᠢᠲᠠᠨ ᠤ ᠠᠮᠢᠲᠤᠷᠠᠯ ᠳᠤ ᠶᠡᠬᠡᠬᠡᠨ ᠨᠦᠯᠦᠭᠡᠯᠡᠬᠦ ᠶᠤᠮ ᠪᠠᠶᠢᠨ᠎ᠠ᠃ ᠤᠶᠢᠷ᠎ᠠ ᠶᠢᠨ ᠡᠳᠦᠷ᠂ ᠲᠦᠪ ᠪᠠᠩᠬᠢ ᠡᠴᠡᠲᠤᠭᠠᠴᠠᠭᠠᠨ ᠤ ᠬᠠᠮᠢᠶᠠᠷᠤᠯᠲᠠ ᠶᠢ ᠴᠢᠩᠭ᠋ᠠᠳᠬᠠᠵᠤ ᠢᠨᠲ᠋ᠧᠷᠨ᠋᠌ᠧᠲ ᠶᠢᠡᠷ ᠵᠠᠯᠢᠯᠠᠬᠤ ᠰᠢᠨ᠎ᠡ ᠮᠠᠶ᠊ᠢᠭ ᠤᠨ ᠬᠠᠤᠯᠢ ᠪᠤᠰᠤ ᠠᠵᠢᠯᠯᠠᠭ᠎ᠠ ᠶᠢ ᠰᠡᠷᠬᠡᠶᠢᠯᠡᠬᠦ ᠳᠤᠬᠠᠢ ᠮᠡᠳᠡᠭᠳᠡᠯᠢ ᠨᠠᠶᠢᠲᠠᠯᠡᠵᠤ᠂ ᠰᠢᠨ᠎ᠡ ᠳᠤᠭᠳᠠᠭᠠᠯ ᠤᠳ ᠢᠶᠡᠨ ᠵᠠᠷᠯᠠᠵᠠᠢ᠃ ᠡᠳᠡᠬᠡᠷ ᠨᠢ᠄

    ᠢᠵᠢᠯ ᠪᠠᠩᠬᠢ ᠶᠢᠨ ᠺᠠᠷᠲ ᠢᠶᠡᠷ ᠪᠤᠰᠤᠳ ᠭᠠᠵᠠᠷ ᠲᠤ ᠵᠤᠭᠤᠰ ᠬᠠᠳᠠᠭᠠᠯᠠᠬᠤ ᠪᠤᠶᠤ ᠵᠤᠭᠤᠰ ᠠᠪᠬᠤ᠂ ᠲᠠᠩᠰᠠ ᠰᠢᠯᠵᠢᠬᠦᠯᠬᠦ ᠳ᠋ᠤ ᠳᠦᠯᠦᠪᠦᠷᠢ ᠳᠦᠯᠦᠬᠦ ᠦᠭᠡᠢ᠃

    ATM ᠠᠦ᠋ᠲ᠋ᠣ᠋ ᠮᠠᠰᠢᠨ ᠶᠢᠡᠷ ᠮᠦᠩᠬᠦ ᠳᠦᠬᠦᠷᠢᠭ᠌ ᠰᠢᠯᠵᠢᠬᠦᠯᠪᠡᠯ 24 ᠴᠠᠭ ᠤᠨ ᠲᠤᠲᠤᠷ᠎ᠠ ᠴᠤᠴᠠᠯᠠᠵᠤ ᠪᠤᠯᠤᠨ᠎ᠠ᠃

    ᠨᠢᠭᠡ ᠬᠦᠮᠦᠨ ᠨᠢᠬᠡ ᠪᠠᠩᠬᠢ ᠳᠤ ᠨᠢᠬᠡ ᠳᠦᠷᠦᠯ ᠤᠨ ᠳᠠᠩᠰᠠ ᠶᠢ ᠨᠢᠬᠡ ᠯᠡ ᠲᠡᠡᠭᠰᠠᠯᠠᠭᠤᠯᠵᠦ ᠪᠤᠯᠤᠨ᠎ᠠ᠃

    ᠬᠠᠭᠠᠰ ᠵᠢᠯ ᠤᠨ ᠬᠤᠭᠤᠴᠠᠭᠠᠨ ᠳ᠋ᠤ ᠳᠠᠩᠰᠠ ᠪᠡᠨ ᠠᠰᠢᠭᠯᠠᠭᠰᠠᠨ ᠦᠬᠡᠢ ᠪᠤᠯ ᠪᠠᠩᠬᠢ ᠶᠢᠨ ᠦᠢᠯᠡᠴᠢᠯᠡᠬᠡᠨ ᠤ ᠭᠠᠵᠠᠷ ᠡᠴᠡ ᠪᠤᠰᠤᠳ ᠭᠠᠵᠠᠷ ᠠᠰᠢᠭᠯᠠᠵᠤ ᠪᠤᠯᠬᠤ ᠦᠬᠡᠢ᠃

    ᠡᠬᠦᠨ ᠡᠴᠡ ᠭᠠᠳᠠᠨ᠎ᠠ᠂ ᠠᠯᠪᠠᠨ ᠪᠠᠶᠢᠭᠤᠯᠤᠯᠭ᠎ᠠ ᠪᠤᠶᠤ ᠬᠤᠪᠢ ᠬᠦᠮᠦᠨ ᠪᠠᠩᠬᠢ ᠶᠢᠨ ᠦᠢᠯᠡᠴᠢᠯᠡᠬᠡᠨ ᠤ ᠭᠠᠵᠠᠷ ᠢᠶᠡᠷ ᠳᠠᠮᠵᠢᠬᠤ ᠦᠬᠡᠢ ᠪᠡᠷ ᠡᠳᠦᠷ ᠲᠤ ᠳᠤᠰ ᠳᠤᠰ 100 ᠳᠦᠮᠡ᠂ 30 ᠳᠦᠮᠡᠨ ᠳᠦᠬᠦᠷᠢᠭ᠌ ᠢᠶᠡᠷ ᠮᠦᠩᠬᠦ ᠳᠦᠬᠦᠷᠢᠭ᠌ ᠰᠢᠯᠵᠢᠬᠦᠯᠬᠦ ᠳᠤ ᠬᠦᠷᠪᠡᠯ ᠪᠠᠩᠬᠢ ᠡᠴᠡ ᠳᠤᠮᠤ ᠬᠡᠮᠵᠢᠶᠡᠨ ᠤ ᠰᠤᠯᠢᠯᠴᠠᠭᠠᠨ ᠤ ᠰᠡᠷᠡᠮᠵᠢᠯᠡᠬᠦᠯᠦᠯ ᠦᠭ᠍ᠬᠦᠨ᠎ᠡ᠃ ᠠᠯᠪᠠᠨ ᠪᠠᠶᠢᠭᠤᠯᠤᠯᠭ᠎ᠠ ᠪᠤᠶᠤ ᠬᠤᠪᠢ ᠬᠦᠮᠦᠨ ᠬᠦᠯᠢᠶᠡᠨ ᠵᠦᠪᠰᠢᠶᠡᠷᠡᠭᠰᠡᠨ ᠤ ᠳᠠᠷᠠᠭ᠎ᠠ ᠰᠠᠶ᠊ᠢ ᠮᠦᠩᠬᠦ ᠳᠦᠬᠦᠷᠢᠭ᠌ ᠢᠶᠡᠨ ᠰᠢᠯᠵᠢᠬᠦᠯᠵᠤ ᠪᠤᠯᠤᠨ᠎ᠠ᠃ ᠡᠨᠡ ᠨᠢ ᠰᠤᠯᠢᠯᠴᠠᠭᠠᠨ ᠤ ᠡᠷᠡᠰᠳᠡᠯ ᠡᠴᠡ ᠰᠡᠷᠬᠡᠶᠢᠯᠡᠬᠦ ᠶᠢᠨ ᠳᠤᠰᠠᠳᠠ ᠶᠤᠮ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791120016404