蒙古文网站Logo
ᠰᠢᠨᠬᠤᠸᠠ ᠮᠤᠩᠭ᠋ᠤᠯ ᠨᠧᠲ

ᠬᠤᠳᠠᠯᠳᠤᠭᠠᠨ ᠤ ᠪᠠᠩᠬᠢ ᠡᠴᠡ ᠬᠤᠪᠢ ᠬᠦᠮᠦᠨ ᠳᠤ ᠤᠷᠤᠨ ᠰᠠᠭᠤᠴᠠ ᠶᠢᠨ ᠵᠢᠭᠡᠯᠡᠯᠭᠡ ᠦᠭ᠍ᠬᠦ ᠵᠢ ᠵᠤᠬᠰᠤᠭᠠᠬᠤ ᠪᠡᠷ ᠲᠦᠪ ᠪᠠᠩᠬᠢ ᠱᠠᠭᠠᠷᠳᠠᠬᠰᠠᠨ ᠦᠭᠡᠢ

2016-12-01 09:19

    ᠰᠢᠨᠬᠤᠸᠠ ᠬᠤᠷᠶᠢ᠎ᠠ  ᠪᠡᠭᠡᠵᠢᠩ ᠤᠨ 11 ᠰᠠᠷ᠎ᠠ ᠶᠢᠨ 29 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠯᠢᠦ ᠵᠢᠩ) ᠤᠶᠢᠷ᠎ᠠ ᠶᠢᠨ ᠡᠳᠦᠷ᠂ ᠲᠦᠪ ᠪᠠᠩᠬᠢ ᠶᠢᠨ ᠵᠠᠷᠢᠮ ᠰᠠᠯᠪᠤᠷᠢ ᠪᠠᠶᠢᠭᠤᠯᠤᠮᠵᠢ ᠡᠴᠡ ᠬᠠᠷᠢᠶᠠᠯᠠᠬᠳᠠᠬᠤ ᠪᠦᠰᠡ ᠶᠢᠨ ᠬᠤᠳᠠᠯᠳᠤᠭᠠᠨ ᠤ ᠪᠠᠩᠬᠢ ᠵᠢ ᠬᠤᠪᠢ ᠬᠦᠮᠦᠨ ᠳᠤ ᠤᠷᠤᠨ ᠰᠠᠭᠤᠴᠠ ᠶᠢᠨ ᠵᠢᠭᠡᠯᠡᠯᠭᠡ ᠦᠭ᠍ᠬᠦ ᠵᠢ ᠦᠳᠲᠦᠷ ᠵᠤᠬᠰᠤᠭᠠᠯ᠎ᠠ ᠭᠡᠰᠡᠨ ᠴᠢᠮᠡᠭᠡ ᠳᠠᠮᠵᠢᠬᠳᠠᠵᠦ ᠪᠠᠶᠢᠪᠠ᠃ ᠰᠤᠷᠪᠤᠯᠵᠢᠯᠠᠬᠴᠢ 29 ᠤ᠋ ᠡᠳᠦᠷ ᠳᠤᠮᠳᠠᠳᠤ ᠤᠯᠤᠰ ᠤᠨ ᠠᠷᠠᠳ ᠤᠨ ᠪᠠᠩᠬᠢ ᠡᠴᠡ ᠤᠶᠢᠯᠠᠭᠠᠬᠰᠠᠨ ᠢᠶᠡᠷ ᠲᠤᠰ ᠮᠡᠳᠡᠭᠡ ᠪᠤᠳᠠᠳᠠᠢ ᠲᠠᠢ ᠨᠡᠶᠢᠴᠡᠬᠦ ᠦᠭᠡᠢ᠂ ᠬᠤᠳᠠᠯᠳᠤᠭᠠᠨ ᠤ ᠪᠠᠩᠬᠢ ᠡᠴᠡ ᠬᠤᠪᠢ ᠬᠦᠮᠦᠨ ᠳᠤ ᠤᠷᠤᠨ ᠰᠠᠭᠤᠴᠠ ᠶᠢᠨ ᠵᠢᠭᠡᠯᠡᠯᠭᠡ ᠦᠭ᠍ᠬᠦ ᠵᠢ ᠵᠤᠬᠰᠤᠭᠠᠬᠤ ᠪᠡᠷ ᠲᠦᠪ ᠪᠠᠩᠬᠢ ᠱᠠᠭᠠᠷᠳᠠᠬᠰᠠᠨ ᠦᠭᠡᠢ᠃

    ᠰᠤᠷᠪᠤᠯᠵᠢᠯᠠᠬᠴᠢ ᠤᠶᠢᠯᠠᠭᠠᠬᠰᠠᠨ ᠢᠶᠡᠷ᠂ ᠤᠶᠢᠷ᠎ᠠ ᠳᠤ ᠵᠠᠷᠢᠮ ᠶᠡᠬᠡ ᠬᠤᠲᠠ ᠤᠷᠤᠨ ᠰᠠᠭᠤᠴᠠ ᠶᠢᠨ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠳᠤ ᠲᠤᠬᠢᠷᠠᠭᠤᠯᠤᠯᠲᠠ ᠬᠢᠭ᠍ᠰᠡᠨ ᠪᠤᠯᠪᠠᠴᠤ ᠬᠤᠪᠢ ᠬᠦᠮᠤᠨ ᠳᠤ ᠤᠷᠤᠨ ᠰᠠᠭᠤᠴᠠ ᠶᠢᠨ ᠵᠢᠭᠡᠯᠡᠯᠭᠡ ᠦᠭ᠍ᠬᠦ ᠵᠢ ᠵᠤᠬᠰᠤᠭᠠᠨ᠎ᠠ ᠬᠡᠮᠡᠨ ᠳᠤᠷᠠᠳᠤᠬᠰᠠᠨ ᠦᠬᠡᠢ᠃ 11 ᠰᠠᠷ᠎ᠠ ᠶᠢᠨ 28 ᠤ᠋ ᠡᠳᠦᠷ ᠱᠠᠨᠭᠬᠠᠢ ᠬᠤᠲᠠ ᠶᠢᠨ ᠤᠷᠤᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠵᠦᠪᠯᠡᠯ᠂ ᠠᠷᠠᠳ ᠤᠨ ᠪᠠᠩᠬᠢ ᠶᠢᠨ ᠱᠠᠨᠭᠬᠠᠢ ᠳᠡᠬᠢ ᠰᠠᠯᠪᠤᠷᠢ᠂ ᠱᠠᠨᠭᠬᠠᠢ ᠬᠤᠲᠠ ᠶᠢᠨ ᠪᠠᠩᠬᠢ ᠶᠢᠨ ᠦᠢᠯᠡᠰ ᠢ ᠬᠢᠨᠠᠨ ᠬᠠᠮᠢᠶᠠᠷᠠᠬᠤ ᠲᠤᠪᠴᠢᠶ᠎ᠠ ᠬᠤᠯᠪᠤᠭᠠᠯᠠᠨ ᠮᠡᠳᠡᠭᠳᠡᠯ ᠨᠡᠶᠢᠲᠡᠯᠡᠵᠦ᠂ ᠱᠠᠨᠭᠬᠠᠢ ᠬᠤᠲᠠ ᠶᠢᠨ ᠤᠷᠤᠨ ᠰᠠᠭᠤᠴᠠ ᠶᠢᠨ ᠠᠨᠭᠬ᠎ᠠ ᠲᠤᠰᠢᠶᠠᠬᠤ ᠮᠦᠩᠭᠦᠨ ᠤ ᠬᠠᠷᠢᠴᠠᠯ ᠢ ᠨᠡᠮᠡᠭᠳᠡᠭᠦᠯᠵᠡᠢ᠃ 11 ᠰᠠᠷ᠎ᠠ ᠶᠢᠨ 25 ᠤ᠋ ᠡᠳᠦᠷ ᠠᠷᠠᠳ ᠤᠨ ᠪᠠᠩᠬᠢ ᠶᠢᠨ ᠲᠢᠶᠠᠨᠵᠢᠨ ᠳᠡᠬᠢ ᠰᠠᠯᠪᠤᠷᠢ᠂ ᠲᠢᠶᠠᠨᠵᠢᠨ ᠤ ᠪᠠᠩᠬᠢ ᠶᠢᠨ ᠦᠢᠯᠡᠰ ᠢ ᠬᠢᠨᠠᠨ ᠬᠠᠮᠢᠶᠠᠷᠠᠬᠤ ᠲᠤᠪᠴᠢᠶ᠎ᠠ ᠬᠤᠯᠪᠤᠭᠠᠯᠠᠨ ᠮᠡᠳᠡᠭᠳᠡᠯ ᠨᠡᠶᠢᠲᠡᠯᠡᠵᠦ᠂ ᠲᠢᠶᠠᠨᠵᠢᠨ ᠬᠤᠲᠠ ᠶᠢᠨ ᠵᠦᠷᠢᠶ᠎ᠡ ᠶᠡᠬᠡᠲᠡᠢ ᠤᠷᠤᠨ ᠰᠠᠭᠤᠴᠠ ᠶᠢᠨ ᠢᠲᠡᠭᠡᠮᠵᠢᠲᠤ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠳᠤ ᠲᠤᠬᠢᠷᠠᠭᠤᠯᠤᠲᠠ ᠬᠢᠵᠠᠢ᠃ ᠲᠡᠭᠡᠬᠦ ᠳᠤ ᠬᠠᠷᠢᠨ ᠬᠤᠪᠢ ᠬᠦᠮᠦᠨ ᠳᠤ ᠤᠷᠤᠨ ᠰᠠᠭᠤᠴᠠ ᠶᠢᠨ ᠵᠢᠭᠡᠯᠡᠯᠭᠡ ᠦᠭ᠍ᠬᠦ ᠦᠭᠡᠢ ᠭᠡᠳᠡᠭ ᠢ ᠳᠤᠷᠠᠳᠤᠬᠰᠠᠨ ᠦᠭᠡᠢ᠃

ᠢᠷᠡᠯᠳᠡ᠄ ᠰᠢᠨᠬᠤᠸᠠ ᠬᠤᠷᠶᠢ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001120027859