蒙古文网站Logo
ᠰᠢᠨᠬᠤᠸᠠ ᠮᠤᠩᠭ᠋ᠤᠯ ᠨᠧᠲ

11 ᠰᠠᠷ᠎ᠠ ᠶᠢᠨ 30 ᠤ ᠡᠳᠦᠷ ᠤᠯᠠᠨ ᠤᠯᠤᠰ ᠤᠨ ᠲᠤᠰᠤᠨ ᠤ ᠦᠨ᠎ᠡ ᠶᠡᠬᠡ ᠬᠡᠪᠴᠢᠶ᠎ᠡ ᠪᠡᠷ ᠦᠰᠴᠠᠢ

2016-12-02 08:53

    ᠰᠢᠨᠬᠤᠸᠠ ᠬᠤᠷᠢᠶ᠎ᠠ   ᠨᠢᠦ᠋ ᠶᠤᠷᠺ ᠤᠨ 11 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ  ᠴᠢᠯᠠᠭᠤᠨ ᠲᠤᠰᠤᠨ ᠤ ᠭᠠᠷᠭᠠᠯᠲᠠ ᠶᠢᠨ ᠤᠯᠤᠰ ᠤᠳ ᠤᠨ ᠬᠤᠭᠤᠷᠤᠨᠳᠤᠬᠢ ᠵᠤᠬᠢᠶᠠᠨ ᠪᠠᠶᠢᠭᠤᠯᠤᠯᠲᠠ (ᠤᠫᠸᠺ) ᠡᠴᠡ ᠲᠦᠭᠦᠬᠡᠢ ᠲᠤᠰᠤᠨ ᠤ ᠤᠶᠢᠯᠡᠳᠪᠦᠷᠢᠯᠡᠯ ᠤᠨ ᠬᠡᠮᠵᠢᠶ᠎ᠡ ᠪᠠᠨ ᠪᠠᠭᠠᠰᠭᠠᠵᠤ᠂ ᠤᠯᠠᠨ ᠤᠯᠤᠰ ᠤᠨ ᠲᠦᠭᠦᠬᠡᠢ ᠲᠤᠰᠤᠨ ᠤ ᠦᠨ᠎ᠡ ᠵᠢ ᠶᠡᠬᠡ ᠬᠡᠪᠴᠢᠶ᠎ᠡ ᠪᠡᠷ ᠦᠰᠭᠡᠭ᠍ᠰᠡᠨ ᠪᠠᠶᠢᠨ᠎ᠠ᠃

    ᠲᠤᠬᠠᠢ ᠶᠢᠨ ᠡᠳᠦᠷ ᠸᠢᠶᠸᠨᠠ ᠳᠤ ᠪᠤᠯᠤᠭᠰᠠᠨ ᠤᠫᠸᠺ ᠤᠨ ᠬᠤᠷᠠᠯ ᠢᠶᠡᠷ ᠲᠦᠭᠦᠬᠡᠢ ᠲᠤᠰᠤᠨ ᠤ ᠡᠳᠦᠷ ᠪᠦᠷᠢ ᠶᠢᠨ ᠤᠶᠢᠯᠡᠳᠪᠦᠷᠢᠯᠡᠯ ᠤᠨ ᠬᠡᠮᠵᠢᠶ᠎ᠡ ᠵᠢ 120 ᠲᠦᠮᠡᠨ ᠲᠤᠷᠬ᠎ᠠ ᠪᠠᠭᠠᠰᠭᠠᠬᠤ ᠪᠡᠷ ᠲᠤᠭᠲᠠᠯ᠎ᠠ᠃ ᠡᠨᠡ ᠨᠢ 2008 ᠤᠨ ᠡᠴᠡ ᠨᠠᠭᠠᠰᠢᠬᠢ ᠠᠩᠬᠠᠳᠠᠭᠴᠢ ᠤᠳᠠᠭᠠᠨ ᠤ  ᠤᠶᠢᠯᠡᠳᠪᠦᠷᠢᠯᠡᠯ ᠢᠶᠡᠨ ᠪᠠᠭᠠᠰᠬᠠᠬᠤ ᠭᠡᠰᠡᠨ ᠲᠤᠭᠲᠠᠭᠠᠯ ᠪᠤᠯᠤᠨ᠎ᠠ᠃ ᠤᠫᠸᠺ ᠤᠨ ᠪᠤᠰᠤ ᠤᠯᠤᠰ ᠬᠦᠷᠦᠨ ᠨᠢ ᠴᠦ ᠤᠫᠸᠺ ᠲᠠᠢ ᠰᠠᠨᠠᠯ ᠨᠢᠬᠡᠳᠴᠤ ᠡᠳᠦᠷ ᠪᠦᠷᠢ ᠶᠢᠨ ᠲᠦᠭᠦᠬᠡᠢ ᠲᠤᠰᠤᠨ ᠤ ᠤᠶᠢᠯᠡᠳᠪᠦᠷᠢᠯᠡᠯ ᠤᠨ ᠬᠡᠮᠵᠢᠶ᠎ᠡ ᠪᠠᠨ 60 ᠲᠦᠮᠡᠨ ᠲᠤᠷᠬ᠎ᠠ ᠪᠠᠭᠠᠰᠬᠠᠬᠤ ᠪᠡᠷ ᠪᠤᠯᠵᠠᠢ᠃ ᠡᠭᠦᠨ ᠳᠤ ᠤᠷᠤᠰ ᠡᠴᠡ ᠡᠳᠦᠷ ᠪᠦᠷᠢ ᠶᠢᠨ ᠭᠠᠷᠤᠯᠲᠠ ᠪᠡᠨ 30 ᠲᠦᠮᠡᠨ ᠲᠤᠷᠬ᠎ᠠ ᠪᠠᠭᠠᠰᠬᠠᠬᠤ ᠪᠡᠷ ᠠᠮᠠᠯᠠᠭᠰᠠᠨ ᠪᠠᠶᠢᠨ᠎ᠠ᠃

    ᠳᠤᠬᠠᠢ ᠶᠢᠨ ᠡᠳᠦᠷ ᠤᠨ ᠠᠷᠠᠯᠵᠢᠶ᠎ᠠ ᠳᠠᠭᠤᠰᠳᠠᠯ᠎ᠠ᠂ ᠨᠢᠦ᠋ ᠶᠤᠷᠺ ᠤᠨ ᠲᠠᠧᠠᠷ ᠤᠨ ᠠᠷᠠᠯᠵᠢᠶᠠᠨ ᠤ ᠵᠠᠬ᠎ᠠ ᠶᠢᠨ 2017 ᠤᠨ ᠤ 1 ᠰᠠᠷ᠎ᠠ ᠳᠤ ᠠᠷᠠᠯᠵᠢᠶᠠᠯᠠᠬᠤ ᠬᠦᠩᠭᠡᠨ ᠳᠦᠬᠦᠬᠡᠢ ᠳᠤᠰᠤᠨ ᠤ ᠬᠦᠯᠢᠶᠡᠯᠳᠡ ᠦᠨ᠎ᠡ ᠨᠢ 4.21 ᠳ᠋ᠤᠯᠯᠠᠷ ᠦᠰᠴᠠᠢ᠃ ᠲᠤᠷᠬ᠎ᠠ ᠪᠦᠷᠢ ᠨᠢ 49.44 ᠳ᠋ᠤᠯᠯᠠᠷ ᠪᠤᠯᠵᠤ᠂ 9.31% ᠪᠡᠷ ᠦᠰᠦᠭᠰᠡᠨ ᠪᠠᠶᠢᠨ᠎ᠠ᠃ 2017 ᠤᠨ ᠤ 1 ᠰᠠᠷ᠎ᠠ ᠳᠤ ᠠᠷᠠᠯᠵᠢᠶᠠᠯᠠᠬᠤ ᠯᠤᠨᠳᠤᠨ ᠤ ᠳᠦᠬᠦᠬᠡᠢ ᠳᠤᠰᠤᠨ ᠤ ᠬᠦᠯᠢᠶᠡᠯᠳᠡ ᠦᠨ᠎ᠡ ᠨᠢ 4.09 ᠳ᠋ᠤᠯᠯᠠᠷ ᠦᠰᠪᠡ᠃ ᠲᠤᠷᠬ᠎ᠠ ᠪᠦᠷᠢ 50.47 ᠳ᠋ᠤᠯᠯᠠᠷ ᠪᠤᠯᠵᠤ᠂ 8.82% ᠶ᠋ᠢᠡᠷ ᠦᠰᠦᠭᠰᠡᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120701120036848