蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ 200 ᠲᠦᠮᠡᠨ ᠲᠤᠨ ᠨᠡᠬᠦᠷᠡᠰᠦ ᠪᠡᠷ ᠲᠤᠰᠤ ᠰᠢᠬᠠᠬᠤ ᠲᠦᠰᠦᠯ  ᠤᠯᠤᠰ ᠤᠨ ᠦᠬᠡᠷᠡᠴᠢᠯᠡᠯᠳᠡ ᠬᠦᠭ᠍ᠵᠢᠬᠦᠯᠦᠯᠳᠡ ᠶᠢᠨ ᠵᠦᠪᠯᠡᠯ  ᠤᠨ ᠴᠤᠬᠤᠯᠠᠪᠤᠷᠢᠯᠠᠯ ᠢ ᠤᠯᠵᠠᠢ

2016-12-13 11:04

    ᠢ ᠲᠠᠢ ᠨᠡᠬᠦᠷᠡᠰᠦᠨ ᠤ ᠬᠤᠪᠢᠴᠠᠭ᠎ᠠ ᠡᠵᠡᠮᠰᠢᠬᠦ ᠬᠤᠪᠢᠶᠠᠷᠢ ᠺᠤᠮᠫᠠᠨᠢ ᠶᠢᠨ ᠦᠪᠦᠷ ᠮᠤᠩᠭ᠋ᠤᠯ ᠤᠨ ᠢ ᠲᠠᠢ ᠨᠡᠬᠦᠷᠡᠰᠦ ᠪᠡᠷ ᠲᠤᠰᠤ ᠰᠢᠬᠠᠬᠤ ᠬᠢᠵᠠᠭᠠᠷᠳᠤ ᠺᠤᠮᠫᠠᠨᠢ ᠵᠢᠨ ᠪᠡᠯᠡ ᠤᠷᠤᠭᠤᠯᠤᠭᠤᠨ ᠪᠠᠶᠢᠭᠤᠯᠤᠬᠤ 200 ᠲᠦᠮᠡᠨ ᠲᠤᠨ ᠨᠡᠬᠦᠷᠡᠰᠦ ᠶᠢ ᠰᠢᠩᠬᠡᠷᠡᠬᠦᠯᠦᠨ ᠵᠢᠱᠢᠶ᠎ᠠ ᠦᠵᠡᠭᠦᠯᠬᠦ ᠲᠦᠰᠦᠯ ᠨᠢ 《ᠦᠪᠦᠷ ᠮᠤᠩᠭ᠋ᠤᠯ ᠤᠨ ᠢ ᠲᠠᠢ ᠨᠡᠬᠦᠷᠡᠰᠦ ᠪᠡᠷ ᠲᠤᠰᠤ ᠰᠢᠬᠠᠬᠤ ᠬᠤᠪᠴᠠᠭᠠᠳᠤ ᠬᠢᠵᠠᠭᠠᠷᠳᠤ ᠺᠤᠮᠫᠠᠨᠢ ᠶᠢᠨ 200 ᠲᠤᠨ ᠨᠡᠬᠦᠷᠡᠰᠦ ᠶᠢ ᠰᠢᠩᠬᠡᠷᠡᠬᠦᠯᠦᠨ ᠵᠢᠱᠢᠶ᠎ᠠ ᠦᠵᠡᠬᠦᠯᠬᠦ ᠲᠦᠰᠦᠯ ᠢ ᠬᠢᠨᠡᠨ ᠵᠦᠪᠰᠢᠶᠡᠷᠡᠭᠰᠡᠨ ᠲᠤᠬᠠᠢ ᠤᠯᠤᠰ ᠤᠨ ᠦᠬᠡᠷᠡᠴᠢᠯᠡᠯᠳᠡ ᠬᠦᠭ᠍ᠵᠢᠬᠦᠯᠦᠯᠳᠡ ᠶᠢᠨ ᠵᠦᠪᠯᠡᠯ  ᠤᠨ ᠴᠤᠬᠤᠯᠠᠪᠤᠷᠢᠯᠠᠯ》 ᠢ ᠤᠯᠵᠠᠢ᠃

    ᠲᠤᠰ ᠲᠦᠰᠦᠯ ᠤᠨ ᠶᠡᠷᠦᠩᠬᠡᠢ ᠪᠡᠯᠡ ᠤᠷᠤᠯᠠᠭᠤᠯᠤᠯᠳᠠ ᠨᠢ ᠪᠠᠷᠤᠭ 290.72 ᠳ᠋ᠦᠩᠰᠢᠭᠤᠷ ᠲᠦᠬᠦᠷᠢᠭ᠌ ᠲᠤ ᠬᠦᠷᠴᠦ᠂ ᠲᠦᠰᠦᠯ ᠠᠰᠢᠬᠯᠠᠯᠳᠠ ᠳ᠋ᠦ ᠤᠷᠤᠪᠠᠯ ᠵᠢᠯ ᠤᠨ ᠦᠷᠳᠡᠭ ᠨᠢ 131 ᠳ᠋ᠦᠩᠰᠢᠭᠤᠷ ᠲᠦᠬᠦᠷᠢᠭ᠌᠌ ᠲᠤ ᠬᠦᠷᠦᠨ᠎ᠡ᠃ ᠲᠤᠰ ᠲᠦᠰᠦᠯ  ᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠤᠷᠳᠤᠰ ᠬᠤᠳᠠ ᠶᠢᠨ ᠵᠦᠡᠭᠭᠠᠷ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠡᠮᠦᠨᠡᠳᠤ ᠠᠵᠤ ᠦᠢᠯᠡᠳᠪᠦᠷᠢ ᠶᠢᠨ ᠰᠠᠭᠤᠷᠢᠨ ᠳ᠋ᠦ ᠪᠠᠢᠢᠭᠤᠯᠵᠤ᠂ ᠦᠪᠦᠷ ᠮᠤᠩᠭ᠋ᠤᠯ ᠤᠨ ᠢ ᠲᠠᠢ ᠨᠡᠬᠦᠷᠡᠰᠦ ᠪᠡᠷ ᠲᠤᠰᠤ ᠰᠢᠬᠠᠬᠤ ᠬᠤᠪᠢᠴᠠᠭᠠᠳᠤ ᠬᠢᠵᠠᠭᠠᠷᠳᠤ ᠺᠤᠮᠫᠠᠨᠢ ᠬᠠᠷᠢᠭᠤᠴᠠᠨ᠎ᠠ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
关闭
010070230030000000000000011120691120107558