蒙古文网站Logo
ᠰᠢᠨᠬᠤᠸᠠ ᠮᠤᠩᠭ᠋ᠤᠯ ᠨᠧᠲ

ᠨᠡᠭᠦᠷᠡᠰᠦ ᠤᠷᠤᠭᠤᠯᠬᠤ ᠬᠡᠮᠵᠢᠶ᠎ᠡ ᠦᠳᠲᠦᠷ ᠨᠡᠮᠡᠭᠳᠡᠵᠦ ᠮᠤᠨᠭᠭᠤᠯ ᠤᠯᠤᠰ ᠦᠪᠦᠷ ᠮᠤᠨᠭᠭᠤᠯ ᠤᠨ ᠬᠠᠮᠤᠬ ᠤᠨ ᠲᠤᠮᠤ ᠠᠷᠠᠯᠵᠢᠶᠠᠨ ᠤ ᠲᠦᠩᠰᠢ ᠪᠤᠯᠪᠠ

2016-12-21 11:30

    12 ᠰᠠᠷ᠎ᠠ ᠶᠢᠨ 20 ᠤ᠋ ᠡᠳᠦᠷ᠂ ᠰᠤᠷᠪᠤᠯᠵᠢᠯᠠᠬᠴᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠡᠴᠡ ᠤᠶᠢᠯᠠᠭᠠᠬᠰᠠᠨ ᠢᠶᠡᠷ᠂ 1-11 ᠰᠠᠷ᠎ᠠ ᠪᠤᠯᠲᠠᠯ᠎ᠠ᠂ ᠦᠪᠦᠷ ᠮᠤᠨᠭᠭᠤᠯ ᠪᠤᠯᠤᠨ ᠮᠤᠨᠭᠭᠤᠯ ᠤᠯᠤᠰ ᠤᠨ ᠬᠠᠷᠢᠯᠴᠠᠨ ᠠᠷᠠᠯᠵᠢᠶᠠᠯᠠᠬᠰᠠᠨ ᠦᠷᠲᠡᠭ 25.14 ᠳ᠋ᠦ᠋ᠩᠰᠢᠭᠤᠷ ᠳ᠋ᠤᠯᠯᠠᠷ ᠬᠦᠷᠴᠦ᠂ 1-10 ᠰᠠᠷ᠎ᠠ ᠶᠢᠨ ᠬᠤᠭᠤᠷᠤᠨᠳᠤᠬᠢ ᠪᠠᠭᠤᠷᠠᠯᠲᠠ ᠡᠴᠡ 3.7 ᠵᠠᠭᠤᠨ ᠤ ᠨᠢᠭᠡᠴᠢ ᠪᠡᠷ ᠪᠠᠭᠠᠰᠪᠠ᠃ ᠡᠭᠦᠨ ᠳᠤ ᠮᠤᠨᠭᠭᠤᠯ ᠤᠯᠤᠰ ᠡᠴᠡ ᠤᠷᠤᠭᠤᠯᠤᠬᠰᠠᠨ ᠦᠷᠲᠡᠭ 21.33 ᠳ᠋ᠦ᠋ᠩᠰᠢᠭᠤᠷ ᠲᠦᠭᠦᠷᠢᠭ᠌᠂ 1-10 ᠰᠠᠷ᠎ ᠠ ᠶᠢᠨ ᠬᠤᠭᠤᠷᠤᠨᠳᠤᠬᠢ ᠪᠠᠭᠤᠷᠠᠯᠲᠠ ᠡᠴᠡ 4.1ᠵᠠᠭᠤᠨ ᠤ ᠨᠢᠭᠡᠴᠢ ᠪᠡᠷ ᠪᠠᠭᠠᠰᠤᠬᠰᠠᠨ ᠪᠠᠶᠢᠨ᠎ᠠ᠃ ᠲᠡᠶᠢᠨᠬᠦ ᠦᠪᠦᠷ ᠮᠤᠨᠭᠭᠤᠯ ᠤᠨ ᠮᠤᠨᠭᠭᠤᠯ ᠤᠯᠤᠰ ᠲᠠᠢ ᠠᠷᠠᠯᠵᠢᠶᠠᠯᠠᠬᠰᠠᠨ ᠦᠷᠲᠡᠭ ᠡᠨᠡ ᠤᠨ ᠳᠤ ᠠᠨᠭᠬ᠎ᠠ ᠤᠳᠠᠭ᠎ᠠ ᠤᠷᠤᠰ ᠲᠠᠢ ᠠᠷᠠᠯᠵᠢᠶᠠᠯᠠᠬᠰᠠᠨ ᠦᠷᠲᠡᠭ ᠢ ᠳᠠᠪᠠᠭᠠᠳ᠂ ᠮᠤᠨᠭᠭᠤᠯ ᠤᠯᠤᠰ ᠨᠢ ᠦᠪᠦᠷ ᠮᠤᠨᠭᠭᠤᠯ ᠤᠨ ᠬᠠᠮᠤᠬ ᠤᠨ ᠲᠤᠮᠤ ᠠᠷᠠᠯᠵᠢᠶᠠᠨ ᠤ ᠲᠦᠩᠰᠢ ᠪᠤᠯᠤᠬᠰᠠᠨ ᠪᠠᠶᠢᠨ᠎ᠠ᠃

    ᠦᠪᠦᠷ ᠮᠤᠨᠭᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠠᠵᠢᠯᠲᠠᠨ ᠤ ᠲᠠᠨᠢᠯᠴᠠᠭᠤᠯᠤᠬᠰᠠᠨ ᠢᠶᠡᠷ᠂ ᠨᠡᠭᠦᠷᠡᠰᠦ ᠤᠷᠤᠭᠤᠯᠬᠤ ᠠᠷᠠᠯᠵᠢᠶ᠎ᠠ ᠨᠢ ᠮᠤᠨᠭᠭᠤᠯ ᠤᠯᠤᠰ ᠡᠴᠡ ᠤᠷᠤᠭᠤᠯᠬᠤ ᠪᠦᠬᠦᠢᠢᠯᠡ ᠠᠷᠠᠯᠵᠢᠶᠠᠨ ᠤ 30% ᠡᠴᠡ ᠳᠡᠭᠡᠭ᠍ᠰᠢᠬᠢ ᠵᠢ ᠡᠵᠡᠯᠡᠨ᠂ 1-10 ᠰᠠᠷ᠎ᠠ ᠳᠤ᠂ ᠮᠤᠨᠭᠭᠤᠯ ᠤᠯᠤᠰ ᠡᠴᠡ ᠤᠷᠤᠭᠤᠯᠤᠬᠰᠠᠨ ᠨᠡᠭᠦᠷᠡᠰᠤᠨ ᠤ ᠬᠡᠮᠵᠢᠶ᠎ᠡ 78% ᠪᠡᠷ ᠨᠡᠮᠡᠭᠳᠡᠵᠦ᠂ ᠦᠨ᠎ᠡ ᠨᠢ ᠴᠦ 48% ᠪᠡᠷ ᠨᠡᠮᠡᠭᠳᠡᠵᠡᠢ᠃ ᠡᠨᠡ ᠨᠢ ᠳᠠᠷᠤᠢ ᠦᠪᠦᠷ ᠮᠤᠨᠭᠭᠤᠯ ᠪᠠ ᠮᠤᠨᠭᠭᠤᠯ ᠤᠯᠤᠰ ᠤᠨ ᠠᠷᠠᠯᠵᠢᠶ᠎ᠠ ᠵᠢ ᠠᠬᠢᠭᠤᠯᠤᠬᠰᠠᠨ ᠭᠤᠤᠯ ᠰᠢᠯᠲᠠᠭᠠᠨ ᠪᠤᠯᠤᠨ᠎ᠠ᠃

ᠢᠷᠡᠯᠳᠡ᠄ ᠦᠪᠦᠷ ᠮᠤᠨᠭᠭᠤᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011100001120159531