蒙古文网站Logo
ᠰᠢᠨᠬᠤᠸᠠ ᠮᠤᠩᠭ᠋ᠤᠯ ᠨᠧᠲ

12 ᠰᠠᠷ᠎᠎ᠠ ᠶᠢᠨ ᠳᠤᠮᠳᠠᠴᠢ ᠳᠤ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠠ ᠦᠨᠭᠡᠷᠡᠭᠰᠡᠨ ᠡᠭᠡᠯᠵᠢ ᠶᠢᠨ ᠬᠢ ᠡᠴᠡ ᠪᠠᠭ᠎ᠠ ᠬᠡᠮᠵᠢᠶ᠎ᠠ ᠪᠡᠷ ᠪᠠᠭᠤᠷᠠᠪᠠ

2016-12-22 11:40

    12 ᠰᠠᠷ᠎ᠠ ᠶᠢᠨ 15 ᠤ ᠡᠳᠦᠷ᠂ ᠤᠷᠤᠨ ᠳᠠᠶᠠᠭᠠᠷ ᠤᠨ ᠭᠤᠤᠯ ᠭᠠᠷᠤᠯᠲᠠ ᠪᠤᠯᠬᠤ ᠰᠢᠲᠠᠭᠠᠯᠭ᠎ᠠ ᠶᠢᠨ ᠨᠡᠭᠦᠷᠡᠰᠤᠨ ᠤ ᠠᠭᠤᠷᠬᠠᠢ ᠡᠴᠡ ᠭᠠᠷᠭᠠᠬᠤ ᠲᠤᠭᠠᠴᠠᠯᠠᠭᠰᠠᠨ ᠦᠨ᠎ᠠ ᠨᠢ ᠲᠤᠨ ᠪᠦᠷᠢ ᠳᠤ  199.95ᠲᠦᠬᠦᠷᠢᠭ᠌᠂ ᠦᠨᠭᠡᠷᠡᠭᠰᠡᠨ ᠡᠭᠡᠯᠵᠢ ᠶᠢᠨ ᠬᠢ ᠡᠴᠡ 2.80% ᠢᠶᠡᠷ ᠪᠠᠭᠤᠷᠠᠪᠠ᠃ ᠡᠭᠦᠨ ᠳᠤ ᠳᠤᠮᠳᠠ ᠵᠡᠭᠦᠨ ᠬᠡᠰᠡᠭ ᠤᠨ ᠪᠦᠰᠡ ᠨᠤᠲᠤᠭ ᠤᠨ ᠬᠦᠷᠠᠩ ᠨᠡᠭᠦᠷᠡᠰᠤ ᠶᠢᠨ ᠠᠭᠤᠷᠬᠠᠢ ᠡᠴᠡ ᠭᠠᠷᠭᠠᠭᠰᠠᠨ ᠲᠤᠭᠠᠴᠠᠯᠠᠭᠰᠠᠨ ᠦᠨ᠎ᠠ ᠨᠢ ᠦᠨᠭᠡᠷᠡᠭᠰᠡᠨ ᠡᠭᠡᠯᠵᠢ ᠶᠢᠨ ᠬᠢ ᠲᠠᠢ ᠠᠳᠠᠯᠢ᠃ ᠤᠷᠳᠤᠰ ᠬᠤᠲᠠ ᠶᠢᠨ ᠰᠢᠲᠠᠭᠠᠯᠭ᠎ᠠ ᠶᠢᠨ ᠨᠡᠭᠦᠷᠡᠰᠤ ᠶᠢᠨ ᠠᠭᠤᠷᠬᠠᠢ ᠡᠴᠡ ᠭᠠᠷᠭᠠᠭᠰᠠᠨ ᠳᠤᠮᠳᠠᠴᠢ ᠲᠤᠭᠠᠴᠠᠯᠠᠭᠰᠠᠨ ᠦᠨ᠎ᠠ ᠨᠢ ᠲᠤᠨ ᠪᠦᠷᠢ ᠳᠤ 283.33 ᠲᠦᠬᠦᠷᠢᠭ᠌᠂ ᠦᠨᠭᠡᠷᠡᠭᠰᠡᠨ ᠡᠭᠡᠯᠵᠢ ᠶᠢᠨ ᠬᠢ ᠡᠴᠡ 6.59% ᠢᠶᠡᠷ ᠪᠠᠭᠤᠷᠠᠪᠠ᠃ ᠡᠭᠦᠨ ᠳᠤ ᠤᠷᠳᠤᠰ ᠤᠨ 5000 ᠺᠠᠯᠤᠷᠢ ᠡᠴᠡ ᠳᠤᠤᠷ᠎ᠠ᠂ 5000 ᠺᠠᠯᠤᠷᠢ ᠡᠴᠡ ᠳᠡᠭᠡᠭ᠍ᠰᠢᠬᠢ ᠰᠢᠲᠡᠭᠠᠯᠭ᠎ᠠ ᠶᠢᠨ ᠦᠨ ᠠ ᠨᠢ ᠲᠤᠨ ᠪᠦᠷᠢ ᠳᠤ ᠪᠡᠨ 30 ᠲᠦᠬᠦᠷᠢᠭ᠌᠂ 15 ᠲᠦᠬᠦᠷᠢᠭ᠌ ᠢᠶᠡᠷ ᠪᠠᠭᠤᠷᠠᠵᠠᠢ᠃ ᠤᠷᠤᠨ ᠳᠠᠶᠠᠭᠠᠷ ᠤᠨ ᠰᠢᠲᠠᠭᠠᠯᠭ᠎ᠠ ᠶᠢᠨ ᠨᠡᠭᠦᠷᠡᠰᠤ ᠶᠢᠨ ᠳᠤᠮᠳᠠᠴᠢ ᠠᠭᠤᠷᠬᠠᠢ ᠡᠴᠡ ᠭᠠᠷᠭᠠᠭᠰᠠᠨ ᠦᠨ᠎ᠠ ᠨᠢ ᠦᠩᠭᠡᠷᠡᠭᠰᠡᠨ ᠤᠨ ᠤ ᠮᠦᠨ ᠦᠶ᠎ᠠ ᠡᠴᠡ 60.04% ᠪᠡᠷ ᠦᠰᠪᠠ᠂ ᠵᠡᠭᠦᠨ ᠬᠡᠰᠡᠭ ᠤᠨ ᠬᠦᠷᠡᠩ ᠨᠡᠭᠦᠷᠡᠰᠦᠨ ᠤ ᠠᠭᠤᠷᠬᠠᠢ ᠡᠴᠡ ᠭᠠᠷᠭᠠᠭᠰᠠᠨ ᠦᠨ᠎ᠠ 37.76% ᠪᠡᠷ ᠦᠰᠪᠡ᠂ ᠤᠷᠳᠤᠰ ᠤᠨ ᠰᠢᠲᠠᠭᠠᠯᠭ᠎ᠠ ᠶᠢᠨ ᠨᠡᠭᠦᠷᠡᠰᠦ ᠶᠢᠨ ᠠᠭᠤᠷᠬᠠᠢ ᠡᠴᠡ ᠭᠠᠷᠭᠠᠭᠰᠠᠨ ᠦᠨ᠎ᠠ 213.95% ᠪᠡᠷ ᠦᠰᠴᠠᠢ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120691120167208